ᠡᠷᠢᠶᠡᠨ ᠬᠤᠲᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/6
【 ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ 】      2 ᠰᠠᠷ᠎ᠠ ᠶᠢᠨ 22 ᠤᠨ ᠡᠳᠦᠷ᠂ ᠮᠠᠨ ᠤ ᠬᠤᠲᠠ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠬᠦᠷᠢᠶᠡᠨ ᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷᠭᠦᠯᠵᠢᠯᠡᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠾᠧᠦ ᠶᠠᠨ ᠮᠢᠨ ᠬᠤᠷᠠᠯ ᠢ ᠡᠷᠭᠢᠯᠡᠭᠰᠡᠨ ᠪᠥᠭᠡᠳ ᠬᠤᠷᠠᠯ ᠡᠷᠭᠢᠯᠡᠵᠦ᠂ ᠭᠡᠷᠡᠯᠳᠦᠠᠣᠳᠦ ᠰᠣᠮᠣ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠤᠨ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠭᠰᠠᠨ ᠪᠥᠭᠡᠳ ᠬᠠᠮᠢᠶ᠎ᠠ ᠪᠥᠬᠦᠶ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃    ᠬᠤᠷᠠᠯ ᠠᠴᠠ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠮᠥᠨ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠴᠢᠬᠤᠯᠠ ᠠᠭᠤᠯᠭ᠎ᠠ ᠮᠥᠨ᠂ ᠪᠢᠳᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤ ᠶᠢ ᠦᠷᠭᠦᠯᠵᠢᠯᠡᠭᠦᠯᠬᠦ ︾ ᠴᠢᠬᠤᠯᠠ ᠱᠠᠭᠠᠷᠳᠠᠯᠭ᠎ᠠ ᠲᠠᠢ ᠪᠠᠷᠢᠮᠵᠢᠶᠠᠯᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ᠂ ᠤᠯᠠᠮ ᠨᠢᠭᠡ ᠠᠯᠬᠤᠮ ᠳ᠋ᠦᠩᠨᠡᠯᠲᠡ ᠬᠢᠵᠦ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠠᠭᠤᠳᠠᠯᠵᠤ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠢᠷᠭᠤᠭᠠᠨ ᠵᠦᠢᠯ ᠤᠨ ᠠᠴᠢᠶᠠᠯᠠᠪᠤᠷᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠥᠷᠪᠡᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠷᠭ᠎ᠠ ᠶᠢ ᠪᠠᠶᠠᠯᠢᠭᠵᠢᠭᠤᠯᠤᠨ ᠰᠢᠨᠡᠴᠢᠯᠡᠵᠦ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠂ ᠬᠥᠷᠰᠢ ᠵᠡᠷᠭᠡᠯᠡᠳᠡᠭᠡ ᠵᠢᠵᠢᠭ ᠬᠦᠷᠢᠶᠡᠯᠡᠩ ᠵᠡᠷᠭᠡ ᠲᠠᠪᠴᠠᠩ ᠳᠤ ᠲᠦᠰᠢᠭᠯᠡᠨ᠂ ᠥᠷᠭᠡᠨ ᠣᠯᠠᠨ ᠲᠦᠮᠡᠨ ᠳᠤ ᠡᠷᠢᠶᠡᠨ ᠬᠤᠲᠠ ᠶᠢᠨ ᠬᠥᠭᠵᠢᠯᠲᠡ ᠶᠢᠨ ᠲᠠᠩᠰᠠ᠂ ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠣᠳᠣᠷᠬᠠᠶ ᠶᠠᠷᠢᠵᠤ᠂ ᠨᠠᠮ ᠤᠨ ᠲᠠᠭᠤᠨ ᠢ ᠡᠭᠡᠯ ᠠᠷᠠᠳ ᠤᠨ ᠭᠡᠷ ᠲᠤ ᠬᠦᠷᠭᠡᠵᠦ᠂ ᠲᠠᠯ᠎ᠠ ᠨᠤᠲᠤᠭ ᠤᠨ ᠬᠠᠮᠤᠭ ᠤᠨ ᠭᠦᠨ ᠲᠠᠯ᠎ᠠ ᠳᠤ ᠤᠯᠠᠮᠵᠢᠯᠠᠬᠤ ᠬᠡᠷᠡᠭᠲᠡᠶ᠃ ᠠᠰᠠᠭᠤᠳᠠᠯ ᠤᠨ ᠤᠳᠤᠷᠢᠳᠤᠮᠵᠢ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠳᠤᠮᠳᠠᠬᠢ ᠳᠤᠲᠠᠭᠤᠳᠠᠯ ᠪᠠ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠠᠬᠢ ᠬᠠᠨᠳᠤᠯᠭᠠᠲᠤ ᠴᠢᠨᠠᠷ ᠢᠶᠠᠷ ᠴᠢᠩᠭ᠎ᠠ ᠪᠢᠰᠢ᠂ ᠣᠯᠠᠨ ᠲᠦᠮᠡᠨ ᠢ ᠳᠠᠶᠢᠴᠢᠯᠠᠬᠤ ᠲᠠᠯ᠎ᠠ ᠪᠠᠷ ᠬᠦᠴᠦᠲᠡᠶ ᠪᠢᠰᠢ᠂ ᠰᠤᠷᠭᠠᠨ ᠬᠥᠮᠦᠵᠢᠯ ᠤᠨ ᠪᠦᠷᠬᠦᠴᠡ ᠶᠢᠨ ᠲᠠᠯ᠎ᠠ ᠪᠠᠷ ᠳᠣᠤᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ︽ᠬᠤᠶᠠᠷ ᠢ ᠣᠷᠣᠭᠤᠯᠵᠤ ᠬᠤᠶᠠᠷ ᠢ ᠦᠢᠯᠡᠴᠢᠯᠡᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠪᠦᠲᠦᠮᠵᠢᠲᠡᠶ ᠪᠠᠳᠠᠷᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠠᠴᠢ ᠶᠢ ᠮᠡᠳᠡᠵᠦ᠂ ᠨᠠᠮ ᠤᠨ ᠠᠴᠢ ᠶᠢ ᠰᠠᠶᠢᠨ ᠤᠩᠰᠢᠵᠤ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号