ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠤ ᠡᠬᠢᠯᠡᠪᠡ ᠰᠢ ᠶᠢᠨ ᠫᠢᠩ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ ᠯᠢ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ ᠵᠣᠣ ᠯᠧ ᠵᠢᠢ ᠬᠤᠷᠠᠯ ᠢ ᠡᠷᠭᠢᠯᠡᠪᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠵᠡᠷᠭᠡ ᠶᠢ ᠰᠣᠨᠣᠰᠪᠠ
ᠨᠡᠶᠢᠲᠡᠯᠡᠭᠰᠡᠨ ᠴᠠᠭ᠄
2024/3/6
  ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ 5 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ 3000 ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠦᠪᠡᠳᠡᠭᠰᠢ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃    ᠠᠷᠠᠳ ᠤᠨ ᠶᠡᠭᠡ ᠬᠤᠷᠠᠯ ᠤᠨ ᠲᠠᠩᠬᠢᠮ ᠤᠨ ᠶᠡᠭᠡ ᠶᠣᠰᠣᠯᠠᠯ ᠤᠨ ᠲᠠᠩᠬᠢᠮ ᠳᠤ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨᠲᠡᠢ ᠠᠭᠤᠷ ᠠᠮᠢᠰᠬᠤᠯ ᠢᠶᠠᠷ ᠪᠢᠯᠬᠠᠵᠤ᠂ ᠲᠡᠷᠢᠭᠦᠯᠡᠭᠴᠢᠳ ᠤᠨ ᠲᠠᠶᠢᠰᠠᠨ ᠤ ᠬᠥᠰᠢᠭᠡ ᠶᠢᠨ ᠭᠤᠣᠯ ᠳᠤᠮᠳᠠ ᠡᠯᠭᠦᠭᠰᠡᠨ ᠤᠯᠤᠰ ᠤᠨ ᠰᠦᠯᠳᠡ ᠬᠤᠷᠴᠠ ᠤᠯᠠᠭᠠᠨ ᠲᠤᠭ ᠯᠤᠭ᠎ᠠ ᠥᠩᠭᠡ ᠢᠯᠭᠠᠷᠠᠨ ᠭᠡᠷᠡᠯ ᠰᠠᠴᠤᠷᠠᠨ ᠬᠠᠷᠠᠭᠳᠠᠨ᠎ᠠ᠃    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ ᠶᠡᠭᠡ ᠬᠤᠷᠠᠯ ᠢ ᠡᠷᠭᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ᠂ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠯᠢᠦ ᠴᠢ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃    ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ᠃
  3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠨᠠᠮ ᠪᠠ ᠲᠦᠷᠦ ᠶᠢᠨ ᠤᠳᠤᠷᠢᠳᠤᠯᠭ᠎ᠠ ᠰᠢ ᠶᠢᠨ ᠫᠢᠩ᠂ ᠯᠢ ᠴᠢᠶᠠᠩ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠤᠷᠠᠯ ᠳᠤ ᠣᠷᠣᠯᠴᠠᠵᠠᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ    ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ 2956 ᠬᠥᠮᠥᠨ ᠣᠷᠤᠯᠴᠠᠬᠤ ᠶᠣᠰᠣᠲᠠᠢ᠃ 5 ᠤ ᠦᠳᠡ ᠶᠢᠨ ᠡᠮᠦᠨᠡᠬᠢ ᠬᠤᠷᠠᠯ ᠳᠤ 2872 ᠬᠥᠮᠥᠨ ᠣᠷᠣᠯᠴᠠᠵᠤ᠂ 84 ᠬᠥᠮᠥᠨ ᠣᠷᠣᠯᠴᠠᠬᠰᠠᠨ ᠦᠭᠡᠢ᠂ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃    ᠦᠳᠡ ᠶᠢᠨ ᠡᠮᠦᠨᠡᠬᠢ 9 ᠴᠠᠭ ᠲᠤ᠂ ᠵᠣᠣ ᠯᠧ ᠵᠢᠢ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠬᠢᠯᠡᠯ᠎ᠡ ᠭᠡᠵᠦ ᠨᠡᠶᠢᠲᠡᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ᠂ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃
  3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠤᠤ ᠯᠧ ᠵᠢᠢ ᠡᠭᠢᠯᠡᠯᠳᠡ ᠶᠢᠨ ᠬᠤᠷᠠᠯ ᠢ ᠡᠷᠭᠢᠯᠡᠵᠡᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠨᠢ ᠭᠤᠷᠪᠠᠨ ᠬᠡᠰᠡᠭ ᠢᠶᠠᠷ ᠪᠦᠷᠢᠯᠳᠦᠵᠡᠢ᠄ ᠨᠢᠭᠡ᠂ 2023 ᠣᠨ ᠤ ᠠᠵᠢᠯ ᠤᠨ ᠡᠷᠭᠢᠴᠡᠭᠦᠯᠦᠯ ; ᠬᠤᠶᠠᠷ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ ; ᠭᠤᠷᠪᠠ᠂ 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ᠃
  3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ    ᠯᠢ ᠴᠢᠶᠠᠩ ᠢᠯᠡᠳᠬᠡᠯ ᠳᠡᠭᠡᠨ᠂ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠡᠭᠢᠯᠡᠯᠲᠡ ᠶᠢᠨ ᠵᠢᠯ ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠨ ᠤ ᠵᠢᠯ ᠮᠥᠨ᠃ ᠲᠦᠢᠯ ᠤᠨ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠣᠷᠴᠢᠨ ᠤ ᠳᠠᠷᠤᠯᠲᠠ ᠶᠢ ᠳᠠᠭᠠᠭᠠᠵᠤ᠂ ᠳᠣᠲᠣᠭᠠᠳᠤ ᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠣᠭᠲᠠᠭᠤᠨ ᠢᠶᠠᠷ ᠱᠠᠲᠤ ᠰᠢᠯᠵᠢᠭᠦᠯᠬᠦ ᠶᠢ ᠪᠡᠶᠡᠯᠡᠭᠦᠯᠵᠦ᠂ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠵᠢᠭᠠᠵᠤ ᠭᠠᠷᠭᠠᠵᠠᠢ᠃    ᠯᠢ ᠴᠢᠶᠠᠩ ᠢᠯᠡᠳᠬᠡᠯ ᠳᠡᠭᠡᠨ᠂ ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄ ᠨᠢᠭᠡ ᠳᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠡᠷᠭᠢᠯᠲᠡ ᠶᠢᠨ ᠦᠷᠭᠦᠯᠵᠢᠯᠡᠨ ᠰᠠᠶᠢᠵᠢᠷᠠᠬᠤ ᠶᠢ ᠠᠭᠢᠭᠤᠯᠪᠠ︔ ᠬᠤᠶᠠᠷ ᠲᠤ᠂ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠭᠳᠡᠭᠦᠯᠪᠡ︔ ᠭᠤᠷᠪᠠ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ︔ ᠳᠥᠷᠪᠡ ᠳᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠭᠡᠯᠪᠡᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠪᠡ︔ ᠲᠠᠪᠤ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠠᠭᠢᠭᠤᠯᠪᠠ︔ ᠵᠢᠷᠭᠤᠭ᠎ᠠ ᠳᠤ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ ᠭᠡᠵᠦ ᠵᠢᠭᠠᠵᠤ ᠭᠠᠷᠭᠠᠵᠠᠢ᠃    ᠯᠢ ᠴᠢᠶᠠᠩ ᠢᠯᠡᠳᠬᠡᠯ ᠳᠡᠭᠡᠨ᠂ ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠦᠯᠳᠦᠭᠡᠨ ᠢ ᠰᠡᠷᠭᠡᠭ ᠢᠶᠠᠷ ᠣᠯᠵᠤ ᠬᠠᠷᠠᠪᠠ᠃ ᠪᠢᠳᠠ ᠯᠠᠪᠲᠠᠢ ᠠᠰᠠᠭᠤᠳᠠᠯ ᠪᠠ ᠥᠷᠢᠰᠦᠯᠳᠦᠭᠡᠨ ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠦ ᠵᠢᠭᠠᠵᠤ ᠭᠠᠷᠭᠠᠪᠠ᠃    ᠯᠢ ᠴᠢᠶᠠᠩ ᠢᠯᠡᠳᠬᠡᠯ ᠳᠡᠭᠡᠨ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ᠂ ᠬᠤᠳᠠ ᠪᠠᠯᠭᠠᠰᠤᠨ ᠪ᠊ 1200 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5 % ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠠᠳᠠᠯᠢ ᠠᠯᠬᠤᠮ ᠳᠤ ᠪᠠᠶᠢᠯᠭᠠᠨ᠎ᠠ︔ ᠤᠯᠠᠨ ᠤᠯᠤᠰ ᠤᠨ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠳᠤᠯᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2.5% ᠣᠷᠴᠢᠮ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ ᠭᠡᠵᠦ ᠵᠢᠭᠠᠵᠤ ᠭᠠᠷᠭᠠᠵᠠᠢ᠃    ᠯᠢ ᠴᠢᠶᠠᠩ ᠢᠯᠡᠳᠬᠡᠯ ᠳᠡᠭᠡᠨ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠳᠠᠪᠰᠢᠯᠳᠠ ᠪᠠᠷ ᠲᠣᠭᠲᠠᠭᠤᠨ ᠢ ᠠᠬᠢᠭᠤᠯᠵᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠡᠪᠳᠡᠬᠦ ᠬᠡᠷᠡᠭᠲᠡᠢ᠃ ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠦᠴᠦ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠡᠩ ᠶᠡᠭᠡ ᠡᠷᠴᠢ ᠵᠣᠷᠢᠭ ᠪᠣᠯᠣᠨ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠦᠷ᠎ᠡ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠪᠠ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠯᠢ ᠴᠢᠶᠠᠩ ᠢᠯᠡᠳᠬᠡᠯ ᠳᠡᠭᠡᠨ᠂ ᠨᠠᠮ ᠤᠨ ᠲᠥᠪ ᠬᠤᠷᠢᠶ᠎ᠠ ᠡᠨᠡ ᠵᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠂ ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠵᠥᠷᠢᠴᠡᠯ ᠢ ᠴᠢᠩᠭ᠎ᠠ ᠠᠳᠬᠤᠵᠤ᠂ ᠪᠣᠭᠤᠮᠢ ᠬᠦᠯᠢᠶᠡᠰᠦᠯᠡᠯ ᠢ ᠬᠦᠴᠦᠯᠡᠨ ᠰᠢᠪᠲᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠄ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠭᠦᠭᠵᠢᠭᠦᠯᠦᠨ᠎ᠡ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢᠯᠠᠬᠤ ᠲᠤᠯᠭᠠᠭᠤᠷᠢᠯᠠᠯ ᠢ ᠴᠢᠩᠭᠠᠳᠬᠠᠨ᠎ᠠ︔ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ ᠰᠠᠶᠢᠨ ᠰᠠᠶᠢᠬᠠᠨ ᠣᠷᠴᠢᠯ ᠢ ᠪᠡᠶᠡᠯᠡᠭᠦᠯᠬᠦ ᠶᠢ ᠠᠭᠢᠭᠤᠯᠤᠨ᠎ᠠ︔ ᠥᠭᠡᠷᠡᠴᠢᠯᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ︔ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠠᠷᠢᠯᠴᠠᠨ ᠠᠰᠢᠭᠲᠠᠢ ᠪᠠᠶᠢᠵᠤ ᠬᠠᠮᠲᠤ ᠪᠠᠷ ᠠᠰᠢᠭ ᠭᠦᠷᠳᠡᠭᠦ ᠶᠢ ᠠᠭᠢᠭᠤᠯᠤᠨ᠎ᠠ︔ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ︔ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠭᠢᠭᠤᠯᠤᠨ᠎ᠠ︔ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠰᠢᠯ ᠢ ᠶᠡᠭᠡ ᠪᠠᠷ ᠰᠢᠯᠢᠳᠡᠭᠵᠢᠭᠦᠯᠦᠨ᠎ᠡ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠭᠢᠭᠤᠯᠤᠨ᠎ᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ ᠭᠡᠵᠦ ᠳᠤᠷᠠᠳᠪᠠ᠃    ᠢᠯᠡᠳᠬᠡᠯ ᠳᠤ᠂ ᠯᠢ ᠴᠢᠶᠠᠩ ᠪᠠᠰᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ᠂ ᠦᠨᠳᠦᠰᠦᠲᠡᠨ᠂ ᠱᠠᠰᠢᠨ ᠰᠤᠷᠲᠠᠬᠤᠨ ᠪᠠ ᠬᠠᠷᠢᠶᠠᠲᠤ ᠨᠠᠷ ᠤᠨ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ᠂ ᠰᠢᠶᠠᠩᠭᠠᠩ᠂ ᠣᠣᠮᠧᠨ ᠤ ᠬᠥᠭᠵᠢᠯᠲᠡ ᠪᠣᠯᠣᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠯᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠵᠡᠷᠭᠡ ᠶᠢᠨ ᠲᠤᠬᠠᠢ ᠲᠣᠳᠣᠷᠬᠠᠶᠢᠯᠠᠨ ᠥᠭᠦᠯᠡᠵᠡᠢ᠃    ᠬᠤᠷᠠᠯ ᠤᠨ ᠵᠥᠪᠯᠡᠬᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ ᠪᠠᠶᠢᠴᠠᠭᠠᠪᠠ᠃    ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠥᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ᠃    ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠪᠣᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠳᠦᠷᠢᠮ ᠪᠠ ᠠᠵᠢᠯ ᠤᠨ ᠳᠦᠷᠢᠮ ᠤᠨ ᠲᠤᠬᠠᠢ ᠦᠨᠳᠦᠰᠦᠨ ᠬᠠᠤᠯᠢ ᠮᠥᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠦᠨᠳᠦᠰᠦᠨ ᠬᠠᠤᠯᠢ ᠪᠠ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠬᠤ ᠳᠤ ᠴᠢᠬᠤᠯᠠ ᠦᠢᠯᠡᠳᠦᠯ ᠪᠠᠳᠠᠷᠠᠭᠤᠯᠵᠤ ᠪᠠᠶᠢᠳᠠᠭ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠬᠢᠴᠠ ᠶᠢ ᠶᠡᠭᠡ ᠪᠠᠷ ᠠᠬᠢᠭᠤᠯᠵᠤ᠂ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠡᠭᠦᠷᠭᠡ ᠲᠤᠰᠢᠶᠠᠯ ᠰᠢᠰᠲ᠋ᠧᠮᠲᠦ ᠴᠢᠨᠠᠷᠲᠠᠢ᠂ ᠪᠦᠬᠦᠯᠢ ᠴᠣᠭᠴᠠ ᠶᠢᠨ ᠴᠢᠨᠠᠷᠲᠠᠢ ᠳᠠᠭᠢᠨ ᠴᠣᠭᠴᠠᠯᠠᠯᠲᠠ ᠶᠢ ᠪᠡᠶᠡᠯᠡᠭᠦᠯᠵᠦ᠂ ᠰᠢᠰᠲ᠋ᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠥᠨᠳᠥᠷ ᠪᠦᠲᠦᠮᠵᠢᠲᠡᠶ ᠨᠠᠮ ᠪᠣᠯᠣᠨ ᠲᠥᠷᠥ ᠶᠢᠨ ᠪᠠᠶᠢᠭᠤᠯᠤᠮᠵᠢ ᠶᠢᠨ ᠡᠭᠦᠷᠭᠡ ᠲᠤᠰᠢᠶᠠᠯ ᠤᠨ ᠰᠢᠰᠲ᠋ᠧᠮ ᠢ ᠪᠠᠶᠢᠭᠤᠯᠵᠤ ᠲᠠᠰᠤᠷᠠᠯᠲᠠ ᠦᠭᠡᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠦᠢᠯᠡᠳᠦᠯᠭᠡ ᠶᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠭᠰᠡᠨ ᠰᠠᠭᠤᠷᠢᠨ ᠳᠡᠭᠡᠷ᠎ᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠬᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠵᠡᠷᠭᠡ ᠴᠢᠬᠤᠯᠠ ᠠᠭᠤᠯᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠪᠢᠴᠢᠵᠦ ᠣᠷᠣᠭᠤᠯᠤᠨ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠣᠷᠢᠭ ᠰᠠᠨᠠᠭ᠎ᠠ ᠪᠣᠯᠣᠨ ᠦᠷ᠎ᠡ ᠪᠦᠲᠦᠭᠡᠯ ᠢ ᠬᠠᠤᠯᠢ ᠴᠠᠭᠠᠵᠠ ᠶᠢᠨ ᠲᠣᠭᠲᠠᠭᠠᠯ ᠢᠶᠠᠷ ᠳᠠᠮᠵᠢᠭᠤᠯᠤᠨ ᠢᠯᠡᠷᠡᠭᠦᠯᠬᠦ ᠴᠢᠬᠤᠯᠠᠲᠠᠢ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠰᠢᠨ᠎ᠡ ᠴᠠᠭ ᠦᠶ᠎ᠡ ᠶᠢᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ ᠪᠦᠭᠦ ᠰᠡᠳᠬᠢᠯ ᠪᠦᠭᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠬᠤ ᠳᠦᠷᠢᠮ ᠤᠨ ᠪᠠᠲᠤᠯᠠᠭ᠎ᠠ ᠮᠥᠨ᠂ ᠰᠢᠨ᠎ᠡ ᠴᠠᠭ ᠦᠶ᠎ᠡ ᠳᠤ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠬᠦ᠂ ᠬᠠᠤᠯᠢᠵᠢᠯ ᠤᠨ ᠵᠠᠰᠠᠭ ᠤᠨ ᠣᠷᠳᠣᠨ ᠢ ᠪᠦᠭᠦ ᠲᠠᠯ᠎ᠠ ᠪᠠᠷ ᠪᠠᠶᠢᠭᠤᠯᠬᠤ ᠶᠢᠨ ᠴᠢᠬᠤᠯᠠ ᠲᠠᠯ᠎ᠠ ᠮᠥᠨ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠨᠡᠶᠢᠳᠡ 20 ᠵᠦᠢᠯ ᠪᠤᠢ᠂ ᠭᠤᠣᠯ ᠵᠠᠰᠠᠪᠤᠷᠢ ᠣᠷᠣᠭᠤᠯᠬᠤ ᠠᠭᠤᠯᠭ᠎ᠠ ᠳᠤ᠄ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠨᠵᠢ ᠴᠢᠨᠠᠷ ᠪᠠᠶᠢᠷᠢ ᠰᠠᠭᠤᠷᠢ ᠶᠢᠨ ᠲᠤᠬᠠᠢ ᠲᠣᠭᠲᠠᠭᠠᠯ ᠢ ᠨᠡᠮᠡᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠵᠢᠯ ᠤᠨ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠷᠬᠡ ᠲᠤᠰᠢᠶᠠᠯ ᠤᠨ ᠲᠤᠬᠠᠢ ᠥᠭᠦᠯᠡᠯᠲᠡ ᠶᠢ ᠲᠡᠭᠦᠯᠳᠡᠷᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠦᠷᠢᠯᠳᠦᠭᠦᠨ ᠤ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠵᠢᠴᠢ ᠲᠡᠭᠦᠨ ᠤ ᠡᠷᠬᠡ ᠲᠤᠰᠢᠶᠠᠯ ᠤᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠷᠠᠯ ᠤᠨ ᠳᠦᠷᠢᠮ ᠢ ᠲᠡᠭᠦᠯᠳᠡᠷᠵᠢᠭᠦᠯᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠪᠦᠭᠦ ᠲᠠᠯ᠎ᠠ ᠪᠠᠷ ᠵᠥᠪ ᠭᠦᠢᠴᠡᠳᠬᠡᠬᠦ ᠳᠦᠷᠢᠮ ᠤᠨ ᠠᠷᠭ᠎ᠠ ᠬᠡᠮᠵᠢᠶ᠎ᠡ ᠶᠢ ᠨᠡᠮᠡᠭᠳᠡᠭᠦᠯᠬᠦ ᠶᠢ ᠪᠠᠭᠲᠠᠭᠠᠨ᠎ᠠ ᠭᠡᠵᠦ ᠵᠢᠭᠠᠵᠤ ᠭᠠᠷᠭᠠᠪᠠ᠃    ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠱᠢ ᠲᠠᠢ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠋ ᠯᠧᠢ᠂ ᠾᠧ ᠸᠧᠢ ᠳ᠋ᠦᠩ᠂ ᠾᠧ ᠯᠢ ᠹᠧᠩ᠂ ᠵᠠᠩ ᠶᠢᠦ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠦᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠧᠯᠢᠭᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠬᠤᠶ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠶ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠨᠠᠷ ᠪᠤᠢ᠃    ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠬᠤᠷᠠᠯ ᠳᠤ ᠰᠤᠯᠠ ᠣᠷᠣᠯᠴᠠᠬᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃    ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠵᠠᠢ᠃    ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ ᠪᠦᠯᠭᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠬᠰᠠᠨ ᠪᠤᠶᠤ ᠶᠡᠭᠡ ᠬᠤᠷᠠᠯ ᠢ ᠰᠤᠯᠠ ᠰᠣᠨᠣᠰᠴᠠᠢ᠃    ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠣᠨᠣᠰᠪᠠ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号