ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠠᠵᠢᠯ ᠤᠨ ᠬᠡᠯᠡᠯᠴᠡᠭᠡ ᠡᠷᠢᠶᠡᠨ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠢᠭᠡᠳ ᠮᠣᠩᠭᠤᠯ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠶᠠᠮᠤᠨ ᠤ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠵᠤᠷᠭᠠᠨ ᠡᠷᠢᠶᠡᠨ ᠬᠤᠲᠠ ᠳᠤ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠠᠵᠢᠯ ᠤᠨ ᠬᠡᠯᠡᠯᠴᠡᠭᠡ ᠬᠢᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠭᠦᠸᠧ ᠵᠧᠤ ᠮᠢᠩ᠂ ᠮᠣᠩᠭᠤᠯ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠶᠠᠮᠤᠨ ᠤ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠵᠤᠷᠭᠠᠨ ᠤ ᠳᠠᠷᠤᠭ᠎ᠠ ᠠᠨᠠᠷ ᠬᠠᠮᠲᠤ ᠪᠠᠷ ᠬᠤᠷᠠᠯ ᠢ ᠡᠷᠭᠢᠯᠡᠭᠰᠡᠨ ᠪᠥᠭᠡᠳ ᠬᠤᠷᠠᠯ ᠤᠨ ᠲᠣᠪᠴᠢ ᠲᠡᠮᠳᠡᠭᠯᠡᠯ ᠳᠤ ᠭᠠᠷ ᠤᠨ ᠦᠰᠦᠭ ᠵᠢᠷᠤᠪᠠ᠃
       ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠬᠤ᠂ ᠬᠠᠮᠲᠤᠷᠠᠯᠴᠠᠭᠠᠨ ᠤ ᠣᠷᠣᠨ ᠤ ᠬᠠᠮᠲᠤ ᠶᠢᠨ ᠬᠥᠭᠵᠢᠯᠲᠡ ᠶᠢᠨ ᠶᠡᠷᠦᠩᠬᠡᠢ ᠲᠥᠰᠦᠯ ︵ᠲᠥᠰᠦᠯ︶ ᠤᠨ ᠵᠠᠰᠠᠪᠤᠷᠢ ᠣᠷᠣᠭᠤᠯᠤᠭᠰᠠᠨ ᠠᠬᠢᠴᠠ ᠶᠢ ᠲᠦᠷᠭᠡᠳᠬᠡᠬᠦ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠠᠩᠬ᠎ᠠ ᠠᠯᠬᠤᠮ ᠤᠯᠤᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠪᠠ᠃
     ᠬᠤᠶᠠᠷ ᠲᠠᠯ᠎ᠠ ᠪᠠᠷ ᠢᠶᠠᠨ ᠳᠤᠮᠳᠠᠳᠤ ᠮᠣᠩᠭᠤᠯ ᠤᠨ ᠡᠷᠢᠶᠡᠨ ᠬᠤᠳᠠ - ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠬᠠᠮᠲᠤᠪᠠᠷ ᠪᠠᠶᠢᠭᠤᠯᠬᠤ ᠪᠣᠯ ᠬᠤᠶᠠᠷ ᠤᠯᠤᠰ ᠤᠨ ᠤᠳᠤᠷᠢᠳᠬᠤ ᠬᠥᠮᠦᠰ ᠤᠨ ᠬᠠᠮᠲᠤ ᠶᠢᠨ ᠲᠠᠨᠢᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠬᠢᠵᠢᠭᠦᠯᠵᠦ᠂ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠮᠣᠩᠭᠤᠯ ᠤᠯᠤᠰ ᠯᠤᠭ᠎ᠠ ︽ᠬᠥᠭᠵᠢᠯᠲᠡ ᠶᠢᠨ ᠵᠠᠮ︾ ᠤᠨ ᠪᠠᠶᠢᠯᠳᠤᠬᠤ ᠪᠤᠳᠤᠯᠭ᠎ᠠ ᠲᠠᠢ ᠵᠣᠯᠭᠠᠭᠤᠯᠬᠤ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ ᠬᠤᠶᠠᠷ ᠲᠠᠯ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠬᠢᠭᠰᠡᠨ ᠢᠳᠡᠪᠬᠢᠲᠡᠢ ᠰᠦᠪᠡᠭᠴᠢᠯᠡᠯᠲᠡ ᠪᠠ ᠪᠦᠲᠦᠭᠡᠯᠴᠢ ᠴᠢᠨᠠᠷᠲᠠᠢ ᠲᠤᠷᠰᠢᠯᠲᠠ ᠮᠥᠨ᠃ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠨᠢ ᠬᠤᠶᠠᠷ ᠤᠯᠤᠰ ᠤᠨ ᠬᠢᠯᠢ ᠬᠢᠵᠠᠭᠠᠷ ᠤᠨ ᠭᠠᠵᠠᠷ ᠣᠷᠣᠨ ᠤ ᠴᠡᠴᠡᠭᠯᠡᠯ ᠬᠥᠭᠵᠢᠯᠲᠡ ᠶᠢ ᠠᠬᠢᠭᠤᠯᠬᠤ᠂ ᠬᠤᠶᠠᠷ ᠤᠯᠤᠰ ᠤᠨ ᠬᠤᠭᠤᠷᠣᠨᠳᠣᠬᠢ ᠠᠷᠠᠯᠵᠢᠶ᠎ᠠ ᠪᠠᠯᠠ ᠣᠷᠣᠭᠤᠯᠤᠯᠲᠠ ᠪᠠ ᠬᠥᠮᠦᠰ ᠤᠨ ᠶᠠᠪᠤᠯᠴᠠᠭ᠎ᠠ ᠶᠢᠨ ᠳᠥᠭᠦᠮᠴᠢᠯᠡᠯᠲᠡ ᠶᠢ ᠠᠬᠢᠭᠤᠯᠬᠤ᠂ ᠬᠤᠶᠠᠷ ᠤᠯᠤᠰ ᠤᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ᠂ ᠳᠤᠮᠳᠠᠳᠤ ᠮᠣᠩᠭᠤᠯ ᠤᠨ ᠪᠥᠬᠦ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ      
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号