【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠨᠢᠭᠡᠳᠦᠭᠡᠷ ᠤᠯᠠᠷᠢᠯ ᠤᠨ ᠭᠠᠳᠠᠭᠠᠳᠤ ᠠᠴᠠ ᠣᠷᠣᠭᠤᠯᠬᠤ ᠪᠠᠷᠠᠭᠠᠨ ᠤ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠬᠡᠷᠡᠭᠯᠡᠭᠡᠨ ᠤ ᠨᠣᠷᠮ᠎ᠠ 22.25% ᠳᠤ ᠬᠦᠷᠪᠡ
ᠨᠡᠶᠢᠲᠡᠯᠡᠭᠰᠡᠨ ᠴᠠᠭ᠄
2024/4/11
        ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠠᠭᠪᠤᠷ ᠢ ᠬᠡᠷᠡᠭᠯᠡᠨ ᠪᠣᠭᠤᠮᠲᠠ ᠳᠤ ᠮᠡᠳᠡᠭᠦᠯᠬᠦ ᠬᠠᠭᠤᠳᠠᠰᠤ ᠶᠢᠨ 1981 ᠪᠢᠯᠧᠲ ᠢ ᠬᠡᠷᠡᠭᠯᠡᠵᠦ᠂ ᠪᠣᠭᠤᠮᠲᠠ ᠶᠢᠨ ᠠᠳᠠᠯᠢ ᠬᠤᠭᠤᠴᠠᠭᠠᠨ ᠤ ᠭᠠᠳᠠᠭᠠᠳᠤ ᠠᠴᠠ ᠣᠷᠣᠭᠤᠯᠬᠤ ᠪᠠᠷᠠᠭᠠᠨ ᠤ ᠶᠡᠷᠦᠩᠬᠡᠶ ᠭᠤᠶᠤᠴᠢᠯᠠᠨ ᠮᠡᠳᠡᠭᠦᠯᠬᠦ ᠪᠢᠯᠧᠲ ᠤᠨ ᠲᠤᠭ᠎ᠠ ᠶᠢᠨ 22.25% ᠶᠢ ᠡᠵᠡᠯᠡᠪᠡ᠃        ᠡᠷᠢᠶᠡᠨ ᠪᠣᠭᠤᠮᠲᠠ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠠᠵᠤ ᠠᠬᠤᠶᠢᠯᠠᠯ ᠨᠢ ᠪᠣᠭᠤᠮᠲᠠ ᠳᠤ ᠪᠦᠬᠦ 105 ᠵᠦᠢᠯ ᠤᠨ ︽ᠪᠦᠷᠢᠨ ᠪᠦᠲᠦᠨ ᠭᠤᠶᠤᠴᠢᠯᠠᠨ ᠮᠡᠳᠡᠭᠦᠯᠬᠦ︾ ᠲᠥᠷᠥᠯ ᠵᠦᠢᠯ ᠢ ᠨᠢᠭᠡ ᠯᠡ ᠤᠳᠠᠭ᠎ᠠ ᠶᠢᠨ ᠴᠢᠨᠠᠷᠲᠠᠢ ᠮᠡᠳᠡᠭᠦᠯᠬᠦ ᠴᠢᠬᠤᠯᠠ ᠦᠭᠡᠢ᠂ ᠪᠠᠰᠠ ᠪᠢᠯᠧᠲ ᠳᠠᠷᠠᠭᠠᠯᠠᠨ ᠭᠠᠶᠢᠯᠢ ᠲᠠᠲᠠᠪᠤᠷᠢᠯᠠᠬᠤ ᠴᠢᠬᠤᠯᠠ ᠦᠭᠡᠢ᠂ ︽ᠳᠠᠩ ᠭᠠᠭᠴᠠ ᠴᠣᠩᠬᠤ︾ ᠪᠠᠷ ᠮᠡᠳᠡᠭᠦᠯᠬᠦ ᠦᠶᠡᠰ ᠵᠥᠪᠬᠡᠨ 9 ᠲᠥᠷᠥᠯ ᠵᠦᠢᠯ ᠤᠨ ︽ᠲᠣᠪᠴᠢ︾ ᠳᠤ ᠮᠡᠳᠡᠭᠦᠯᠬᠦ︾ ᠮᠡᠳᠡᠭᠡ ᠵᠠᠩᠭᠢ ᠶᠢ ᠬᠠᠩᠭᠠᠬᠤ ᠬᠡᠷᠡᠭᠲᠡᠢ᠂ ᠳᠠᠷᠤᠢ ᠪᠣᠭᠤᠮᠲᠠ ᠶᠢᠨ ᠭᠠᠶᠢᠯᠢ ᠪᠠᠷ ᠳᠠᠮᠵᠢᠨ ᠪᠠᠷᠠᠭ᠎ᠠ ᠪᠠᠨ ᠭᠠᠷᠭᠠᠨ ᠠᠪᠴᠤ ᠪᠣᠯᠤᠨ᠎ᠠ᠃ ᠪᠤᠰᠤᠳ ᠮᠡᠳᠡᠭᠦᠯᠬᠦ ᠲᠥᠷᠥᠯ ᠵᠦᠢᠯ ᠢ ᠪᠠᠷᠠᠭ᠎ᠠ ᠭᠠᠷᠭᠠᠨ ᠠᠪᠤᠭᠰᠠᠨ ᠤ ᠳᠠᠷᠠᠭ᠎ᠠ 14 ᠡᠳᠦᠷ ᠤᠨ ᠳᠣᠲᠣᠷ᠎ᠠ ᠨᠥᠬᠦᠪᠥᠷᠢᠯᠡᠬᠦ ᠶᠢᠨ ᠬᠠᠮᠲᠤ ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ ᠶᠢ ᠪᠡᠶᠡᠯᠡᠭᠦᠯᠪᠡᠯ ᠪᠣᠯᠴᠢᠬᠠᠨ᠎ᠠ᠃ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠶᠢ ᠤᠤᠯ ᠤᠨ ︽ᠴᠠᠭ ᠲᠣᠭᠲᠠᠭᠠᠨ ᠭᠤᠶᠤᠴᠢᠯᠠᠨ ᠮᠡᠳᠡᠭᠦᠯᠬᠦ︾ ᠶᠢ ︽ᠶᠠᠪᠤᠴᠠ ᠪᠠᠷ ᠭᠤᠶᠤᠴᠢᠯᠠᠨ ᠮᠡᠳᠡᠭᠦᠯᠬᠦ︾ ᠪᠣᠯᠭᠠᠨ ᠬᠤᠪᠢᠷᠠᠭᠤᠯᠵᠤ᠂ ᠬᠢᠨᠠᠯᠲᠠ ᠬᠠᠮᠢᠶᠠᠷᠤᠯᠲᠠ ᠶᠢ ᠪᠣᠭᠤᠮᠲᠠ ᠶᠢᠨ ᠭᠤᠭᠴᠤᠭ᠎ᠠ ᠳᠤ ᠲᠥᠪᠯᠡᠷᠡᠭᠦᠯᠬᠦ ᠦᠭᠡᠢ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠰᠢᠯᠣᠭᠤᠨ ᠢᠶᠠᠷ ᠪᠣᠭᠤᠮᠲᠠ ᠥᠩᠭᠡᠷᠡᠬᠦ︾ ᠶᠢ ᠬᠡᠪ ᠤᠨ ᠪᠠᠶᠢᠳᠠᠯ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号