ᠮᠠᠨ ᠤ ᠬᠤᠲᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ 2024 ᠣᠨ ᠤ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠰᠡᠷᠡᠮᠵᠢᠯᠡᠭᠦᠯᠬᠦ ᠬᠥᠮᠦᠵᠢᠯ ᠤᠨ ᠠᠮᠤᠷ ᠲᠦᠪᠰᠢᠨ ᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/12
     4 ᠰᠠᠷ᠎ᠠ ᠶᠢᠨ 9 ᠤ ᠡᠳᠦᠷ᠂ ᠮᠠᠨ ᠤ ᠬᠤᠲᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ 2024 ᠣᠨ ᠤ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠰᠡᠷᠡᠮᠵᠢᠯᠡᠭᠦᠯᠬᠦ ᠬᠥᠮᠦᠵᠢᠯ ᠤᠨ ᠠᠮᠤᠷ ᠲᠦᠪᠰᠢᠨ ᠤ ᠶᠠᠰᠤ ᠴᠢᠨᠠᠷ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃      ᠬᠤᠷᠠᠯ ᠠᠴᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠰᠠᠯᠠᠭ᠎ᠠ ᠮᠥᠴᠢᠷ᠂ ᠡᠯ᠎ᠡ ᠲᠥᠷᠥᠯ ᠵᠦᠢᠯ ᠤᠨ ᠨᠢᠭᠡᠴᠡ᠂ ᠡᠯ᠎ᠡ ᠪᠠᠷᠢᠯᠭ᠎ᠠ ᠶᠢᠨ ᠠᠵᠤ ᠠᠬᠤᠶᠢᠯᠠᠯ᠂ ᠡᠯ᠎ᠡ ᠨᠢᠭᠡᠳᠦᠭᠡᠷ ᠹᠷᠣᠨᠲ ᠤᠨ ᠠᠵᠢᠯᠲᠠᠳ ᠠᠶᠤᠯ ᠥᠬᠡᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ︽ᠠᠵᠢᠯ ᠡᠬᠢᠯᠡᠭᠦᠯᠬᠦ ᠨᠢᠭᠡᠳᠦᠭᠡᠷ ᠬᠢᠴᠢᠶᠡᠯ︾ ᠢ ᠰᠠᠶᠢᠲᠤᠷ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠰᠠᠨᠠᠭᠠᠰᠢᠷᠠᠨ ᠵᠣᠪᠠᠨᠢᠬᠤ ᠤᠬᠠᠮᠰᠠᠷ ᠪᠣᠯᠤᠨ ᠤᠨᠲᠠᠵᠤ ᠠᠮᠠᠷᠠᠬᠤ ᠳᠤ ᠬᠦᠴᠢᠷ ᠪᠠᠶᠢᠬᠤ ᠠᠵᠢᠯ ᠤᠨ ᠪᠠᠶᠢᠳᠠᠯ ᠢ ᠢᠮᠠᠭᠲᠠ ᠪᠠᠲᠤᠯᠠᠵᠤ᠂ ᠠᠯᠢᠪᠠ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠷ ᠲᠠᠷᠢᠬᠢ ᠲᠣᠯᠣᠭᠠᠶ ᠪᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠠᠳᠬᠤᠬᠤ ᠬᠡᠷᠡᠭᠲᠡᠢ᠃ ᠬᠤᠳᠠ ᠪᠠᠯᠭᠠᠰᠤᠨ ᠤ ᠰᠢᠲᠠᠮᠠᠬᠠᠢ ᠬᠡᠢ᠂ ᠭᠡᠷ ᠪᠠᠶᠢᠰᠢᠩ ᠤᠨ ᠪᠠᠷᠢᠯᠭ᠎ᠠ᠂ ᠬᠤᠳᠠ ᠶᠢᠨ ᠶᠠᠪᠤᠳᠠᠯ ᠤᠨ ᠢᠨᠵᠧᠨᠧᠷᠢᠩ᠂ ᠬᠤᠳᠠ ᠶᠢᠨ ᠠᠵᠢᠯᠯᠠᠭᠠᠨ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠡᠨᠬᠦ ᠪᠠᠶᠢᠴᠠᠭᠠᠵᠤ ᠦᠨᠡᠨᠬᠦ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠷᠠᠮᠵᠢ ᠲᠠᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠶᠢ ︽ᠶᠠᠪᠤᠳᠠᠯ ᠪᠦᠬᠦᠨ ᠳᠤ ᠦᠨᠳᠣᠰᠣᠯᠠᠯ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠭᠤᠣᠯᠳᠠᠯᠭ᠎ᠠ ᠶᠢ ᠲᠤᠪᠤᠶᠢᠯᠭᠠᠨ᠂ ᠤᠨᠢᠨ ᠳᠡᠭᠡᠷ᠎ᠡ ᠨᠢ ᠬᠦᠴᠦᠯᠡᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠰᠠᠶᠢᠨ ᠡᠬᠢᠯᠡᠯᠲᠡ ᠲᠠᠢ ᠪᠣᠯᠬᠤ ᠶᠢ ᠴᠢᠷᠮᠠᠶᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠰᠢᠶᠠᠩ ᠯᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠩ ᠲᠠᠢ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠴᠤᠤ ᠱᠧᠩ ᠢᠨᠵᠧᠨᠧᠷᠢᠩ ᠤᠨ ᠲᠦᠷᠦᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号