ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ᠂ ᠨᠢᠭᠡᠳᠦᠮᠡᠯ ᠹᠷᠣᠨᠲ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/4/15
     3 ᠰᠠᠷ᠎ᠠ ᠶᠢᠨ 25᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ 11 ᠳ᠋ᠤᠭᠡᠷ ᠤᠳᠠᠭ᠎ᠠ ᠶᠢᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 1 ᠳ᠋ᠤᠭᠡᠷ ᠤᠳᠠᠭ᠎ᠠ ᠶᠢᠨ ᠬᠤᠷᠠᠯ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ 1 ᠳ᠋ᠤᠭᠡᠷ ᠤᠳᠠᠭ᠎ᠠ ᠶᠢᠨ ᠬᠤᠷᠠᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 6 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠤᠨ ᠲᠦᠷᠢᠮ ᠪᠠ ᠭᠤᠣᠯᠳᠠᠯᠭ᠎ᠠ ᠶᠢ ᠰᠤᠳᠤᠯᠤᠨ ᠬᠢᠨᠠᠨ ᠵᠥᠪᠯᠡᠪᠡ᠃       ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠰᠤᠷᠤᠯᠭ᠎ᠠ ᠡᠬᠢᠯᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠨ ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠡᠨᠧᠷᠭᠢ ᠶᠢ ᠣᠷᠣᠭᠤᠯᠤᠨ ᠠᠪᠴᠢᠷᠠᠵᠤ᠂ ᠬᠤᠯᠪᠣᠭᠳᠠᠯ ᠪᠦᠬᠦᠢ ᠠᠵᠤ ᠦᠢᠯᠡᠰ ᠢ ᠠᠯᠬᠤᠮ ᠠᠯᠬᠤᠮ ᠢᠶᠠᠷ ᠪᠤᠶᠢᠵᠢᠭᠤᠯᠵᠤ᠂ ᠰᠢᠨ᠎ᠡ ᠡᠨᠧᠷᠭᠢ ᠶᠢᠨ ᠡᠬᠢ ᠪᠠᠶᠠᠯᠢᠭ ᠢ ᠠᠰᠢᠭᠯᠠᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠤᠨᠤᠯ ᠢᠶᠠᠷ ᠵᠡᠪᠰᠡᠭᠯᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠯᠠᠭᠤ ᠺᠠᠳ᠋ᠷ ᠢ ᠬᠥᠮᠦᠵᠢᠭᠦᠯᠬᠦ᠂ ᠬᠡᠷᠡᠭᠯᠡᠬᠦ᠂ ᠬᠠᠮᠢᠶᠠᠷᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠯᠠᠭᠤ ᠺᠠᠳ᠋ᠷᠴᠤᠳ ᠢ ᠦᠢᠯᠡᠳᠦᠯᠭᠡ ᠶᠢᠨ ᠳᠤᠮᠳᠠ ᠳᠠᠪᠲᠠᠨ ᠪᠣᠯᠪᠠᠰᠤᠷᠠᠭᠤᠯᠬᠤ᠂ ᠴᠢᠳᠠᠪᠤᠷᠢ ᠪᠠᠨ ᠨᠡᠮᠡᠭᠳᠡᠭᠦᠯᠬᠦ ᠶᠢ ᠴᠢᠩᠭᠠᠳᠬᠠᠬᠤ ᠬᠡᠷᠡᠭᠲᠡᠢ᠃      ᠬᠤᠷᠠᠯ ᠠᠴᠠ ︽ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾᠎ ᠶᠢ ᠤᠯᠠᠮᠵᠢᠯᠠᠭᠰᠠᠨ ᠤ ᠬᠠᠮᠲᠤ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠪᠠᠲᠤᠯᠠᠪᠠ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠠᠶᠢᠭᠤᠯᠤᠭᠰᠠᠨ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠴᠢ ᠡᠷᠢᠶᠡᠨ ᠬᠤᠳᠠ ᠳᠤ ᠥᠭᠭᠦᠭᠰᠡᠨ ᠭᠦᠨ ᠵᠤᠵᠠᠭᠠᠨ ᠬᠠᠶᠢᠷ᠎ᠠ ᠰᠡᠳᠬᠢᠯᠭᠡ ᠪᠣᠯᠤᠨ᠎ᠠ᠂ ᠨᠡᠩ ᠴᠤ ᠱᠠᠭᠠᠷᠳᠠᠯᠭ᠎ᠠ ᠪᠣᠯᠤᠨ᠎ᠠ᠃ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠢᠭᠲᠠ ᠨᠡᠪᠲᠡᠷᠡᠯᠴᠡᠨ ᠬᠠᠷᠢᠭᠤ ᠮᠡᠳᠡᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠲᠦᠷᠭᠡᠬᠡᠨ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠬᠠᠮᠲᠤᠷᠠᠯᠴᠠᠭᠠᠨ ᠤ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠰᠦᠯ ᠢ ᠲᠦᠷᠭᠡᠨ ᠲᠣᠭᠲᠠᠭᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠭᠦᠨᠵᠡᠭᠡᠢ ᠡᠮᠬᠢᠯᠡᠵᠦ᠂ ᠠᠷᠠᠯᠵᠢᠶᠠᠴᠢᠨ ᠤᠷᠢᠬᠤ ᠪᠦᠳᠦᠭᠡᠨ ᠪᠠᠶᠢᠭᠤᠯᠤᠯᠲᠠ ᠡᠵᠡᠩᠨᠡᠯᠲᠡ ᠶᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠵᠢᠯ ᠤᠨ ᠳᠣᠲᠣᠷ᠎ᠠ ᠪᠣᠭᠤᠮᠲᠠ ᠬᠠᠭᠠᠵᠤ ᠡᠵᠡᠩᠨᠡᠬᠦ ᠬᠠᠷᠠᠯᠲᠠ ᠶᠢ ᠲᠣᠭᠲᠠᠭᠠᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠤᠯᠤᠰ ᠤᠨ ᠶᠠᠮᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠯᠤᠭ᠎ᠠ ᠨᠢᠭᠲᠠ ᠵᠣᠯᠭᠠᠭᠤᠯᠵᠤ᠂ ᠮᠠᠨ ᠤ ᠬᠤᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠪᠣᠳᠠᠲᠠᠶ ᠠᠵᠢᠯ ᠲᠠᠢ ᠤᠶᠠᠯᠳᠤᠭᠤᠯᠤᠨ᠂ ᠳᠡᠭᠡᠳᠦ ᠱᠠᠲᠤᠨ ᠠᠴᠠ ᠴᠢᠳᠠᠪᠤᠷᠢᠲᠠᠨ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠶ ᠴᠢᠷᠮᠠᠶᠢᠬᠤ ᠬᠡᠷᠡᠭᠲᠡᠶ᠃ ᠮᠣᠩᠭᠤᠯ ᠤᠯᠤᠰ ᠲᠠᠢ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠪᠠᠶᠢᠩᠭᠤ ᠶᠢᠨ ᠠᠭᠤᠯᠵᠠᠯᠲᠠ ᠶᠢᠨ ᠲᠣᠭᠲᠠᠴᠠ ᠶᠢ ᠪᠠᠶᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠨᠠᠷᠢᠨ ᠵᠦᠢᠯᠡᠰ ᠢ ᠨᠢᠭᠡᠳ ᠨᠢᠭᠡ ᠪᠠᠷ ᠲᠣᠭᠲᠠᠭᠠᠵᠤ᠂ ᠬᠤᠶᠠᠷ ᠲᠠᠯ᠎ᠠ ᠶᠢᠨ ᠠᠵᠢᠯ ᠢ ᠵᠡᠷᠭᠡᠪᠡᠷ ᠠᠬᠢᠭᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠨᠢᠭᠡᠳᠦᠮᠡᠯ ᠹᠷᠣᠨᠲ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠭᠤᠣᠯ ᠱᠤᠭᠤᠮ ᠤᠨ ᠱᠠᠭᠠᠷᠳᠠᠯᠭ᠎ᠠ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠨᠢᠭᠡᠳᠦᠮᠡᠯ ᠹᠷᠣᠨᠲ ᠤᠨ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠵᠤ᠂ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠭᠤᠮᠲᠠ ᠶᠢᠨ ᠨᠢᠭᠡᠳᠦᠮᠡᠯ ᠹᠷᠣᠨᠲ ᠤᠨ ᠪᠠᠶᠢᠷᠢᠰᠢᠯ ᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠭᠡᠷᠡᠴᠢᠯᠡᠯᠲᠡ ᠶᠢᠨ ᠦᠵᠡᠯ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠥᠭᠡᠷᠡᠴᠢᠯᠡᠯᠲᠡ ᠶᠢᠨ ᠭᠤᠣᠯᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠶᠢ ᠶᠡᠬᠡᠪᠡᠷ ᠳ᠋ᠦᠩᠨᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ︽ᠵᠥᠭᠡᠯᠡᠨ ᠪᠣᠳᠠᠲᠤ ᠬᠦᠴᠦᠨ︾᠎ ᠢ ᠳᠡᠭᠡᠭᠰᠢᠯᠡᠭᠦᠯᠬᠦ ᠬᠡᠷᠡᠭᠲᠡᠶ᠃ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠢᠨᠲ᠋ᠧᠷ ᠰᠦᠯᠵᠢᠶᠡᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠬᠠᠮᠢᠶᠠᠷᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠤᠯᠢ ᠶᠣᠰᠣᠭᠠᠷ ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠵᠠᠰᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠮᠤᠷ ᠲᠦᠪᠰᠢᠨ ᠲᠣᠭᠲᠠᠭᠤᠨ ᠪᠠᠶᠢᠬᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ᠂ ᠤᠯᠠᠭᠠᠨ ᠱᠤᠭᠤᠮ᠂ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠮᠠᠨ ᠤ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号