【 ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯᠯᠠᠭ᠎ᠠ 】 ᠸᠠᠩ ᠰᠠᠨ ᠱᠢ ᠪᠦᠯᠬᠦᠮ ᠳᠠᠭᠠᠭᠤᠯᠤᠨ ᠱᠠᠨ ᠰᠢ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/4/15
    4 ᠰᠠᠷ᠎ᠠ ᠶᠢᠨ 10 ᠤ ᠡᠳᠦᠷ ᠠᠴᠠ 12 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠪᠦᠯᠬᠦᠮ ᠳᠠᠭᠠᠭᠤᠯᠤᠨ ᠱᠠᠨ ᠰᠢ ᠶᠢᠨ ᠶᠢᠨ ᠨᠠᠨ ᠪᠣᠯᠣᠳ ᠲᠡᠮᠦᠷ ᠤᠨ ᠪᠦᠯᠦᠭᠯᠡᠯ ᠵᠡᠷᠭᠡ ᠠᠵᠤ ᠠᠬᠤᠶᠢᠯᠠᠯ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠰᠢᠨ᠎ᠡ ᠡᠨᠧᠷᠭᠢ ᠵᠡᠷᠭᠡ ᠭᠤᠤᠯᠳᠠᠯᠭ᠎ᠠ ᠲᠠᠢ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠪᠠ᠃ ᠶᠢᠨ ᠨᠠᠨ ᠪᠤᠯᠤᠳ ᠲᠡᠮᠦᠷ ᠤᠨ ᠪᠦᠯᠦᠭᠯᠡᠯ ᠤᠨ ᠶᠡᠷᠦᠩᠬᠡᠢ ᠵᠠᠬᠢᠷᠤᠭᠴᠢ ᠵᠠᠩ ᠲᠢᠶᠠᠨ ᠹᠦ᠋᠂ ᠡᠵᠡᠩᠨᠡᠯᠲᠡ ᠶᠢᠨ ᠳᠡᠳ᠋ ᠶᠡᠷᠦᠩᠬᠡᠢ ᠵᠠᠬᠢᠷᠤᠭᠴᠢ ᠶᠢᠨ ᠲᠤᠰᠠᠯᠠᠭᠴᠢ ᠯᠢ ᠰᠢᠶᠤᠤ ᠶᠦᠩ ᠨᠠᠷ ᠪᠠᠷ᠎ᠠ ᠪᠣᠯᠪᠠ᠃
    ᠸᠠᠩ ᠰᠠᠨ ᠱᠢ᠂ ᠶᠢᠨ ᠨᠠᠨ ᠪᠤᠯᠤᠳ ᠲᠡᠮᠦᠷ ᠤᠨ ᠪᠦᠯᠦᠭᠯᠡᠯ ᠤᠨ ᠯᠢ ᠾᠧᠩ ᠦᠢᠯᠡᠳᠪᠦᠷᠢ ᠶᠢᠨ ᠲᠣᠭᠤᠷᠢᠭ᠂ ᠬᠡᠤᠷᠰᠢᠭᠦᠯᠬᠦ ᠦᠢᠯᠡᠳᠪᠦᠷᠢ ᠶᠢᠨ ᠲᠣᠭᠤᠷᠢᠭ᠂ ᠨᠢᠭᠡᠳᠦᠭᠡᠷ ᠳᠠᠷᠤᠪᠴᠢ ᠪᠠᠷ ᠬᠡᠤᠷᠰᠢᠭᠦᠯᠬᠦ ᠲᠥᠪᠯᠡᠷᠡᠭᠦᠯᠦᠨ ᠡᠵᠡᠮᠳᠡᠬᠦ ᠲᠥᠪ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠵᠤ᠂ ᠪᠦᠯᠦᠭᠯᠡᠯ ᠤᠨ ︽ᠪᠣᠯᠣᠳ - ᠬᠡᠤᠷᠡᠰᠦ - ᠤᠰᠤᠲᠥ᠋ᠷᠥᠭᠴᠢ ᠶᠢᠨ ᠪᠣᠬᠢᠷᠲᠤᠯ ᠥᠬᠡᠶ ᠴᠠᠬᠢᠯᠭᠠᠨ︾ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠦ ᠠᠵᠤ ᠦᠢᠯᠡᠰ ᠤᠨ ᠬᠡᠯᠬᠢᠶ᠎ᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠪᠠᠶᠢᠷᠢᠰᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠢᠷᠡᠭᠡᠳᠦᠶ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠶᠢᠨ ᠨᠠᠨ ᠪᠣᠯᠣᠳ ᠲᠡᠮᠦᠷ ᠤᠨ ᠪᠦᠯᠦᠭᠯᠡᠯ ᠬᠢᠭᠡᠳ ᠮᠠᠨ ᠤ ᠬᠤᠲᠠ ᠶᠢᠨ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠤᠬᠠᠶ ᠭᠦᠨᠵᠡᠭᠡᠶ ᠰᠣᠯᠢᠯᠴᠠᠪᠠ᠃ ᠸᠠᠩ ᠰᠠᠨ ᠱᠢ᠂ ᠶᠢᠨ ᠨᠠᠨ ᠪᠤᠯᠤᠳ ᠲᠡᠮᠦᠷ ᠤᠨ ᠪᠦᠯᠦᠭᠯᠡᠯ ᠤᠨ ᠭᠦᠨ ᠬᠠᠭᠠᠯᠪᠤᠷᠢᠯᠠᠯᠲᠠ ᠶᠢᠨ ᠪᠤᠯᠤᠳ ᠲᠡᠮᠦᠷ᠂ ᠬᠡᠦᠷᠰᠢᠭᠦᠯᠬᠦ᠂ ᠳᠡᠭᠡᠳᠦ ᠲᠡᠰ ᠤᠨ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠵᠡᠷᠭᠡ ᠬᠦᠷᠢᠶᠡᠨ ᠳᠤ ᠠᠵᠤ ᠠᠬᠤᠶᠢᠯᠠᠯ ᠤᠨ ᠢᠷᠡᠭᠡᠳᠦᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠨᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠱᠠᠭᠠᠷᠳᠠᠯᠭ᠎ᠠ ᠳᠤ ᠨᠡᠶᠢᠴᠡᠬᠦ ᠪᠥᠭᠡᠳ ᠪᠢᠳᠡᠨ ᠤ ᠠᠵᠤ ᠦᠢᠯᠡᠰ ᠤᠨ ᠬᠡᠯᠬᠢᠶ᠎ᠡ ᠶᠢ ᠤᠯᠠᠮ ᠴᠢᠨᠠᠭᠰᠢᠳᠠ ᠤᠷᠲᠤᠳᠬᠠᠵᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠨ ᠬᠥᠭᠵᠢᠭᠦᠯᠬᠦ ᠳᠤ ᠰᠢᠨ᠎ᠡ ᠴᠢᠭᠯᠡᠯ᠂ ᠰᠢᠨ᠎ᠡ ᠬᠠᠷᠠᠭᠠᠰᠤ ᠬᠠᠩᠭᠠᠵᠤ᠂ ᠶᠢᠨ ᠨᠠᠨ ᠪᠤᠯᠤᠳ ᠲᠡᠮᠦᠷ ᠤᠨ ᠪᠦᠯᠦᠭᠯᠡᠯ ᠲᠠᠢ ᠬᠥᠭᠵᠢᠯᠲᠡ ᠶᠢᠨ ᠢᠷᠡᠭᠡᠳᠦᠢ ᠶᠢ ᠬᠠᠮᠲᠤᠪᠠᠷ ᠡᠷᠢᠯᠬᠢᠯᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠡᠷᠢᠶᠡᠨ ᠬᠤᠲᠠ ᠨᠠᠩ ᠰᠢᠯᠢᠳᠡᠭ ᠦᠢᠯᠡᠴᠢᠯᠡᠭᠡ᠂ ᠨᠠᠩ ᠰᠢᠯᠢᠳᠡᠭ ᠣᠷᠴᠢᠨ ᠲᠣᠭᠤᠷᠢᠨ ᠢᠶᠠᠷ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠰᠡᠳᠬᠢᠯ ᠬᠠᠨᠤᠮᠵᠢᠲᠠᠶ ᠪᠠᠯᠠ ᠣᠷᠣᠭᠤᠯᠵᠤ᠂ ᠰᠡᠳᠬᠢᠯ ᠬᠠᠨᠤᠮᠵᠢᠲᠠᠶ ᠡᠵᠡᠩᠨᠡᠵᠦ᠂ ᠰᠡᠳᠬᠢᠯ ᠬᠠᠨᠤᠮᠵᠢᠲᠠᠶ ᠬᠥᠭᠵᠢᠭᠦᠯᠦᠨ᠎ᠡ ᠭᠡᠵᠡᠢ᠃
    ᠵᠠᠩ ᠲᠢᠶᠠᠨ ᠹᠦ᠋ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠣᠶᠢᠷ᠎ᠠ ᠶᠢᠨ ᠵᠢᠯ ᠳᠤ᠂ ᠶᠢᠨ ᠨᠠᠨ ᠪᠣᠯᠣᠳ ᠲᠡᠮᠦᠷ ᠤᠨ ᠪᠦᠯᠦᠭᠯᠡᠯ ᠬᠡᠷᠡᠯ ᠴᠡᠨᠡᠭ᠂ ᠤᠰᠤᠲᠥ᠋ᠷᠥᠭᠴᠢ ᠡᠨᠧᠷᠭᠢ ᠶᠢᠨ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠨᠡᠭᠦᠷᠡᠰᠦᠲᠥ᠋ᠷᠥᠭᠴᠢ ᠥᠬᠡᠶ ᠪᠠᠷᠠᠭᠠᠨ ᠤ ᠬᠦᠢᠯᠭᠡᠭᠡᠨ ᠤ ᠲᠠᠪᠴᠠᠩ ᠢ ᠢᠳᠡᠪᠬᠢᠲᠡᠶ ᠪᠥᠲᠥᠭᠡᠨ ᠪᠠᠶᠢᠭᠤᠯᠵᠤ᠂ ᠬᠡᠷᠡᠯ ᠴᠡᠨᠡᠭ ᠤᠨ ︽ᠴᠠᠬᠢᠯᠭᠠᠨ ᠤ ᠰᠤᠷᠪᠤᠯᠵᠢ ᠲᠤᠤᠷ ᠳᠠᠭᠠᠭᠠᠴᠠ ᠨᠥᠭᠡᠴᠡ︾ ᠶᠢᠨ ᠲᠥᠷᠥᠯ  ᠵᠦᠢᠯ ᠢ ᠲᠦᠷᠭᠡᠳᠬᠡᠨ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠤᠰᠤᠲᠥ᠋ᠷᠥᠭᠴᠢ ᠨᠡᠮᠡᠬᠦ ᠥᠷᠲᠡᠭᠡ ᠵᠢᠴᠢ ᠰᠢᠩᠭᠡᠨ ᠤᠰᠤᠲᠥ᠋ᠷᠥᠭᠴᠢ ᠵᠡᠷᠭᠡ ᠮᠢᠩᠭᠠᠨ ᠳ᠋ᠦᠩᠰᠢᠭᠤᠷ ᠲᠠᠰ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠨᠡᠭᠦᠷᠡᠰᠦᠲᠥ᠋ᠷᠥᠭᠴᠢ ᠥᠬᠡᠶ ᠪᠣᠯᠣᠳ ᠲᠡᠮᠦᠷ ᠤᠨ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠡᠭᠦᠳᠬᠦ ᠪᠠᠷ ᠴᠢᠷᠮᠠᠶᠢᠨ᠎ᠠ᠃ ᠪᠦᠯᠦᠭᠯᠡᠯ ᠤᠨ ᠬᠢᠨ ᠡᠷᠢᠶᠡᠨ ᠬᠤᠳᠠ ᠶᠢᠨ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠭᠦᠨᠵᠡᠭᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠬᠤ ᠪᠣᠯᠤᠨ᠎ᠠ᠃
    ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᡁᠢ ᠵᠢᠴᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号