ᠬᠤᠳᠠ ᠶᠢᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 11 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ᠃      ᠬᠤᠷᠠᠯ ᠠᠴᠠ ︽ᠡᠷᠢᠶᠡᠨ ᠬᠤᠳᠠ ᠶᠢᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ ᠲᠦᠷᠦᠯ ᠵᠦᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠵᠠᠭᠪᠤᠷ ᠤᠨ ᠲᠥᠰᠦᠯ︾ ᠢ ᠰᠤᠳᠤᠯᠤᠨ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠨ ᠨᠢ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠤ ᠨᠢᠭᠡ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠴᠢᠬᠤᠯᠠ ᠭᠠᠷᠳᠠᠴᠠ ᠪᠣᠯᠬᠤ ᠪᠠᠷ ᠪᠠᠷᠠᠬᠤ ᠥᠬᠡᠶ᠂ ᠪᠠᠰᠠ ᠴᠤ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠵᠢᠯ ᠤᠨ ᠨᠢᠭᠡ ᠪᠣᠯᠤᠨ᠎ᠠ᠃ ︽ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠵᠦ᠂ ᠭᠦᠶᠦᠬᠦ ᠪᠠᠷ ᠳᠠᠷᠤᠢ ᠰᠢᠪᠲᠤᠯᠤᠯᠲᠠ ᠬᠢᠵᠦ᠂ ᠡᠬᠢᠯᠡᠬᠦ ᠪᠠᠷ ᠳᠠᠷᠤᠢ ᠰᠢᠢᠳᠪᠦᠷᠢᠲᠦ ᠳᠠᠶᠢᠯᠠᠯᠳᠤᠭᠠᠨ ᠬᠢᠬᠦ︾ ᠱᠠᠭᠠᠷᠳᠠᠯᠭ᠎ᠠ ᠶᠣᠰᠣᠭᠠᠷ᠂ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠲᠠᠶᠢᠴᠢᠯᠠᠨ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠪᠦᠬᠦ ᠶᠠᠪᠤᠴᠠ ᠳᠤ ᠮᠥᠷᠳᠡᠨ ᠦᠢᠯᠡᠴᠢᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠡᠯᠡᠰᠦᠷᠬᠡᠭ ᠭᠠᠵᠠᠷ ᠪᠣᠯᠤᠨ ᠨᠤᠲᠤᠭ ᠪᠡᠯᠴᠢᠭᠡᠷ ᠤᠨ ᠠᠮᠢ ᠠᠬᠤᠢ ᠶᠢ ᠨᠢᠭᠡ ᠬᠡᠰᠡᠭ ᠪᠣᠯᠭᠠᠨ ᠰᠡᠷᠭᠦᠭᠡᠬᠦ ᠶᠢ ᠪᠠᠲᠤᠯᠠᠬᠤ ᠬᠡᠷᠡᠭᠲᠡᠢ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠰᠠᠭᠤᠷᠢ ᠠᠵᠢᠯ ᠢ ᠰᠠᠶᠢᠲᠤᠷ ᠠᠳᠬᠤᠵᠤ᠂ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠪᠣᠳᠠᠲᠠᠶ ᠬᠡᠷᠡᠭᠵᠢᠭᠦᠯᠬᠦ ᠶᠠᠪᠤᠴᠠ ᠳᠤ᠂ ᠲᠥᠷᠥᠯ ᠵᠦᠢᠯ ᠤᠨ ᠣᠷᠣᠨ ᠤ ᠳᠣᠲᠣᠷᠠᠬᠢ ᠠᠮᠢ ᠠᠬᠤᠶ ᠬᠢᠭᠡᠳ ᠠᠵᠤ ᠠᠬᠤᠶ ᠶᠢᠨ ᠦᠷ᠎ᠡ ᠠᠰᠢᠭ ᠢ ᠤᠶᠠᠯᠳᠤᠭᠤᠯᠬᠤ ᠶᠢ ᠬᠦᠢᠴᠡᠳ ᠪᠣᠳᠣᠯᠬᠢᠯᠠᠵᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠵᠦ᠂ ᠦᠷ᠎ᠡ ᠠᠰᠢᠭ ᠢ ᠥᠷᠭᠡᠳᠬᠡᠨ᠂ ᠣᠯᠠᠨ ᠲᠦᠮᠡᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠦᠢᠯᠡᠳᠪᠣᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠪᠦᠲᠦᠮᠵᠢᠲᠡᠶ ᠠᠬᠢᠭᠤᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠴᠢᠩᠭᠠᠳᠬᠠᠵᠤ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ᠂ ᠰᠢᠨ᠎ᠡ ᠲᠦᠷᠦᠯ ᠵᠦᠢᠯ᠂ ᠰᠢᠨ᠎ᠡ ᠲᠥᠬᠦᠭᠡᠷᠦᠮᠵᠢ ᠶᠢ ᠬᠡᠷᠡᠭᠯᠡᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦ ᠨᠡᠮᠡᠷᠢᠯᠡᠬᠦ ᠬᠡᠷᠡᠭᠲᠡᠢ᠃     ᠬᠤᠷᠠᠯ ᠠᠴᠠ ︽ᠡᠷᠢᠶᠡᠨ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢᠨ ᠴᠠᠭ ᠠᠭᠤᠷ ᠤᠨ ᠬᠠᠮᠢᠶᠠᠷᠤᠯᠲᠠ ᠶᠢᠨ ᠠᠷᠭ᠎ᠠ︾᠂ ︽ᠡᠷᠢᠶᠡᠨ ᠬᠤᠲᠠ ᠶᠢᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠡᠷᠢᠶᠡᠨ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ︾ ᠢ ᠰᠤᠳᠤᠯᠤᠨ ᠬᠢᠨᠠᠨ ᠵᠥᠪᠯᠡᠪᠡ᠃     ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号