【 ᠦᠨᠡᠨᠴᠢ ᠢᠲᠡᠭᠡᠮᠵᠢᠲᠡᠢ ᠳᠦᠷᠢ ᠲᠥᠷᠬᠦ ᠪᠠᠨ ᠱᠤᠭᠤᠵᠤ ᠪᠣᠳᠠᠲᠠᠢ ᠠᠵᠢᠯᠯᠠᠨ ᠰᠢᠨ᠎ᠡ ᠪᠠᠶᠢᠳᠠᠯ ᠢ ᠪᠤᠢ ᠪᠣᠯᠭᠠᠨ᠎ᠠ 】 ᠪᠦᠬᠦ ᠬᠤᠲᠠ ᠶᠢᠨ 2024 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/16
    4 ᠰᠠᠷ᠎ᠠ ᠶᠢᠨ 15 ᠤ ᠡᠳᠦᠷ᠂ ᠪᠥᠬᠦ ᠬᠤᠲᠠ ᠶᠢᠨ 2024 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠢᠰᠲ᠋ᠧᠮ ᠲᠠᠢ ᠠᠬᠢᠭᠤᠯᠬᠤ᠂ ᠪᠦᠬᠦ ᠲᠠᠯ᠎ᠠ ᠪᠠᠷ ᠣᠷᠣᠯᠴᠠᠬᠤ᠂ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠳᠤᠪᠤᠶᠢᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠡᠮᠬᠢᠯᠡᠨ ᠡᠷᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠡᠷᠢᠨ ᠭᠠᠷᠭᠠᠵᠤ᠂ ᠲᠣᠬᠢᠲᠠᠢ ᠰᠢᠢᠳᠪᠦᠷᠢᠯᠡᠬᠦ ᠠᠷᠭ᠎ᠠ ᠶᠢ ᠰᠤᠳᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠶ ᠢᠨᠵᠧᠨᠧᠷᠢᠩ᠂ ᠨᠠᠷᠠᠲᠤ ᠲᠥᠷᠥᠯ ᠲᠡᠮᠳᠡᠭᠲᠦ ᠶᠢᠨ ᠢᠨᠵᠧᠨᠧᠷᠢᠩ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠵᠦ ᠳᠤᠮᠳᠠᠳᠤ ᠵᠢᠭᠤᠯᠴᠢᠯᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号