ᠸᠠᠩ ᠰᠠᠨ ᠱᠢ ᠪᠡᠯᠡ ᠤᠷᠤᠭᠤᠯᠬᠤ ᠰᠠᠨᠠᠮᠵᠢ ᠶᠢᠨ ᠠᠵᠤ ᠠᠬᠤᠶᠢᠯᠠᠯ ᠪᠣᠯᠤᠨ ᠮᠣᠩᠭᠤᠯ ᠤᠯᠤᠰ ᠤᠨ ᠠᠷᠠᠯᠵᠢᠶᠠᠨ ᠤ ᠲᠥᠯᠥᠭᠡᠯᠡᠭᠴᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/16
        4 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠵᠥᠩ ᠢ ᠱᠧᠩ ᠱᠢ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠳᠡᠳ᠋ ᠬᠡᠷᠡᠭ ᠮᠡᠳᠡᠭᠴᠢᠳ ᠤᠨ ᠳᠠᠷᠤᠭ᠎ᠠ ᠸᠧᠶ ᠾᠧ ᠴᠢ᠂ ᠱᠠᠨ ᠰᠢ ᠶᠢᠨ ᠰᠧᠨ ᠽᠧ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠧᠤ ᠬᠠᠶ ᠯᠦᠩ᠂ ᠮᠣᠩᠭᠤᠯ ᠳᠤᠮᠳᠠᠳᠤ   ᠶᠢᠨ ᠠᠷᠠᠯᠵᠢᠶᠠᠨ ᠤ ᠵᠥᠪᠯᠡᠯ ᠤᠨ ᠲᠡᠷᠢᠭᠦᠯᠡᠭᠴᠢ ᠠᠮᠤᠷᠪᠠᠭᠠᠲᠤᠷ᠂ ᠮᠣᠩᠭᠤᠯ ᠤᠯᠤᠰ ᠤᠨ AQSora ᠺᠣᠮᠫᠠᠨᠢ ᠶᠢᠨ ᠬᠦᠢᠴᠡᠳᠬᠡᠭᠴᠢ ᠬᠡᠷᠡᠭ ᠮᠡᠳᠡᠭᠴᠢᠳ ᠤᠨ ᠳᠠᠷᠤᠭ᠎ᠠ ᠯᠢ ᠵᠢᠶᠠᠨ ᠨᠡᠷ ᠲᠠᠢ ᠠᠭᠤᠯᠵᠠᠵᠤ᠂ ᠬᠠᠮᠲᠤᠷᠠᠨ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠲᠥᠷᠥᠯ ᠵᠦᠢᠯ ᠤᠨ ᠲᠤᠬᠠᠶ ᠵᠥᠪᠳᠡᠯᠴᠡᠪᠡ᠃      ᠸᠠᠩ ᠰᠠᠨ ᠱᠢ ᠠᠮᠤᠷᠪᠠᠭᠠᠲᠤᠷ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ ᠬᠢᠯᠢ ᠠᠯᠤᠰᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠮᠥᠩᠭᠦᠨ ᠭᠦᠢᠯᠭᠡᠭᠡ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠢ ᠳᠤᠮᠳᠠᠳᠤ ᠮᠣᠩᠭᠤᠯ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠪᠣᠯᠬᠤ ᠶᠢ ᠬᠦᠰᠡᠵᠦ ᠪᠠᠶᠢᠨ᠎ᠠ᠃       ᠸᠠᠩ ᠰᠠᠨ ᠱᠢ ᠠᠵᠤ ᠠᠬᠤᠶᠢᠯᠠᠯ ᠤᠨ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠳᠤ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠤᠴᠢᠷ ᠶᠠᠪᠤᠳᠠᠯ ᠤᠨ ᠲᠤᠬᠠᠢ ᠨᠠᠷᠢᠨ ᠨᠢᠭᠲᠠ ᠬᠠᠷᠢᠭᠤᠯᠲᠠ ᠥᠭᠪᠡ᠃ ᠲᠡᠷᠡ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠡᠷᠢᠶᠡᠨ ᠬᠤᠲᠠ᠂ ᠵᠠᠮ ᠤᠨ ᠡᠭᠦᠳᠡ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠣᠳᠣᠬᠠᠨ ᠳᠤ ᠡᠷᠢᠶᠡᠨ ᠬᠤᠲᠠ ᠶᠢᠨ ᠲᠠᠯ᠎ᠠ ᠪᠠᠷ ︽ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ︾ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠥᠷᠨᠢᠭᠦᠯᠵᠦ᠂ ᠠᠵᠤ ᠠᠬᠤᠶᠢᠯᠠᠯ ᠢ ᠤᠯᠠᠮ ᠨᠢᠭᠡ ᠠᠯᠬᠤᠮ ᠭᠦᠨᠵᠡᠭᠡᠶ ᠰᠢᠨᠵᠢᠯᠡᠨ ᠪᠠᠶᠢᠴᠠᠭᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭ᠎ᠠ ᠠᠮᠤᠷ ᠪᠠᠯᠠ ᠣᠷᠣᠭᠤᠯᠤᠨ ᠦᠢᠯᠡᠰ ᠴᠣᠭᠴᠠᠯᠠᠬᠤ ᠶᠢ ᠬᠦᠰᠡᠵᠦ ᠪᠠᠶᠢᠨ᠎ᠠ ᠭᠡᠵᠡᠶ᠃       ᠠᠮᠤᠷᠪᠠᠭᠠᠲᠤᠷ ᠵᠢᠴᠢ ᠬᠤᠶᠠᠷ ᠪᠡᠯᠡ ᠣᠷᠣᠭᠤᠯᠤᠯᠲᠠ ᠶᠢᠨ ᠰᠠᠨᠠᠮᠵᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠡᠷᠢᠶᠡᠨ ᠬᠤᠲᠠ ᠮᠣᠩᠭᠤᠯ ᠤᠨ ᠠᠷᠠᠯᠵᠢᠶ᠎ᠠ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠠᠬᠢ ᠳᠠᠪᠠᠭᠤᠯᠢᠭ ᠢᠯᠡᠷᠬᠡᠢ᠂ ᠪᠡᠯᠡ ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠲᠠᠢ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ᠂ ᠭᠦᠨᠵᠡᠭᠡᠢ ᠬᠠᠮᠲᠤᠷᠠᠯᠴᠠᠭᠠᠨ ᠤ ᠰᠠᠭᠤᠷᠢ ᠲᠠᠢ ᠶᠤᠮ᠃ ᠤᠯᠤᠯᠴᠠᠭ᠎ᠠ ᠵᠣᠯᠭᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号