ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 96.2 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2024/4/16
     ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 96.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ︔ ᠡᠭᠦᠨ ᠳᠤ ᠭᠠᠳᠠᠭᠠᠳᠤ ᠣᠷᠣᠭᠤᠯᠤᠯᠲᠠ 47.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.8% ᠪᠠᠷ ᠨᠡᠮᠡᠭᠳᠡᠨ᠂ ᠭᠠᠳᠠᠭᠠᠳᠤ ᠭᠠᠷᠭᠠᠯᠲᠠ 49.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.9% ᠪᠠᠷ ᠨᠡᠮᠡᠭᠳᠡᠪᠡ᠃
    ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠰᠡᠷᠭᠦᠵᠦ᠂ ᠵᠡᠰ ᠤᠨ ᠬᠦᠳᠡᠷ ᠤᠨ ᠬᠠᠶᠢᠷ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠠᠭᠤᠷᠬᠠᠶ ᠵᠡᠷᠭᠡ ᠶᠡᠭᠡ ᠬᠡᠮᠵᠢᠶᠡᠨ ᠤ ᠲᠠᠸᠠᠷ ᠤᠨ ᠠᠷᠠᠯᠵᠢᠶ᠎ᠠ ᠴᠥᠮ ᠨᠡᠮᠡᠭᠳᠡᠬᠦ ᠪᠠᠶᠢᠳᠠᠯ ᠢᠯᠡᠷᠡᠪᠡ᠃ ᠡᠷᠢᠶᠡᠨ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠳᠠᠩ ᠭᠠᠭᠴᠠ ᠴᠣᠩᠬᠤᠪᠴᠢ︾ ᠪᠠᠷ ᠭᠤᠶᠤᠴᠢᠯᠠᠨ ᠮᠡᠳᠡᠭᠦᠯᠬᠦ ᠤᠬᠠᠭᠤᠯᠭ᠎ᠠ ᠪᠠ ᠬᠡᠷᠡᠭᠯᠡᠭᠡᠨ ᠤ ᠪᠣᠯᠪᠠᠰᠣᠷᠠᠯ ᠤᠨ ᠡᠷᠴᠢᠮ ᠢ ᠴᠢᠩᠭᠠᠷᠠᠭᠤᠯᠵᠤ᠂ ︽ᠨᠢᠭᠡ ᠳᠤ ᠨᠢᠭᠡ︾ ᠪᠠᠷ ᠠᠵᠤ ᠠᠬᠤᠶᠢᠯᠠᠯ ᠢ ᠵᠢᠯᠣᠭᠤᠳᠤᠨ ︽ᠳᠠᠩ ᠭᠠᠭᠴᠠ ᠴᠣᠩᠬᠤᠪᠴᠢ︾ ᠳᠤ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠵᠤ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠯᠠᠪᠳᠠᠭᠤᠨ ᠪᠠᠲᠤᠲᠠᠢ ᠥᠷᠨᠢᠭᠦᠯᠦᠨ᠂ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢᠨ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠶᠢ ᠪᠠᠲᠤᠯᠠᠨ᠎ᠠ᠃      ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠠᠷᠤᠭ᠎ᠠ ᠯᠢᠦ ᠵᠢᠶᠠᠨ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ︿ᠭᠠᠭᠴᠠ ᠴᠣᠩᠬᠤᠪᠴᠢ﹀ ᠪᠠᠷ ᠲᠠᠪᠴᠠᠩ ᠪᠣᠯᠭᠠᠵᠤ᠂ ︿ᠭᠠᠭᠴᠠ ᠴᠣᠩᠬᠤᠪᠴᠢ﹀ ᠶᠢᠨ ᠡᠯ᠎ᠡ ᠵᠦᠢᠯ ᠤᠨ ᠲᠥᠬᠦᠮ ᠴᠢᠳᠠᠮᠵᠢ ᠶᠢ ᠭᠦᠢᠴᠡᠳ ᠠᠭᠤᠳᠠᠯᠵᠤ᠂ ︿ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ﹀ ︿ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ﹀ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ ᠯᠠᠪᠳᠠᠭᠤᠨ ᠪᠠᠲᠤᠲᠠᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠢ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠵᠦ᠂ ᠪᠣᠭᠤᠮᠲᠠ ᠶᠢᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号