ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 14 ᠳ᠋ᠦ᠋ᠭᠡᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠤᠨ 2024 ᠣᠨ ᠤ 7 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ︽ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠬᠡᠷᠡᠭᠵᠢᠭᠦᠯᠬᠦ ᠶᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠢ ᠨᠢᠭᠲᠠ ᠤᠶᠠᠯᠳᠤᠭᠤᠯᠵᠤ᠂ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ︿ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠰᠠᠨᠠᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠢᠨᠠᠯᠲᠠ ᠲᠠᠯᠪᠢᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠶᠢ ᠦᠨᠡᠨ ᠬᠦ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠼᠠᠢ ᠴᠢ᠂ ᠯᠢ ᠰᠢ ᠨᠥᠬᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ ᠶᠢ ᠰᠤᠳᠤᠯᠤᠨ ᠬᠢᠨᠠᠨ ᠵᠥᠪᠯᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠪᠠ ᠠᠵᠤ ᠠᠬᠤᠢ ᠶᠢ ᠠᠳᠬᠤᠬᠤ ᠶᠢ ᠣᠷᠭᠠᠨᠢᠭ ᠢᠶᠠᠷ ᠨᠢᠭᠡᠳᠬᠡᠵᠦ᠂ ᠨᠠᠮ ᠤᠨ ᠪᠠᠶᠢᠭᠤᠯᠤᠯᠲᠠ ᠶᠢ ᠠᠳᠬᠤᠬᠤ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠲᠤᠬᠠᠶᠢᠯᠠᠭᠰᠠᠨ ᠠᠵᠢᠯ ᠢ ᠠᠬᠢᠭᠤᠯᠵᠤ ᠬᠥᠭᠵᠢᠯᠲᠡ ᠶᠢ ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠣᠭᠤᠮᠲᠠ ᠶᠢᠨ ︽ᠭᠠᠯ︾ ᠤᠨ ᠪᠠᠶᠢᠳᠠᠯ ᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号