ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2023 ᠣᠨ ᠤ ᠵᠡᠪᠰᠡᠭᠲᠦ ᠬᠦᠴᠦᠨ ᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/18
            4 ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ 2023 ᠣᠨ ᠤ ᠵᠡᠪᠰᠡᠭᠲᠦ ᠬᠦᠴᠦᠨ ᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠸᠠᠩ ᠰᠠᠨ ᠱᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
    ᠬᠤᠷᠠᠯ ᠠᠴᠠ᠂ ᠨᠢᠭᠡ ᠵᠢᠯ ᠤᠨ ᠲᠤᠷᠰᠢ᠂ ᠬᠤᠳᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠴᠢᠩᠭ᠎ᠠ ᠠᠳᠬᠤᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ᠂ ᠴᠡᠷᠢᠭ ᠠᠷᠠᠳ ᠤᠨ ᠬᠠᠮᠲᠤ ᠪᠠᠷ ᠪᠠᠶᠢᠭᠤᠯᠬᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠵᠢᠷᠤᠮᠵᠢᠭᠰᠠᠨ ᠪᠠᠶᠢᠭᠤᠯᠤᠯᠲᠠ᠂ ᠣᠷᠣᠨ ᠨᠤᠲᠤᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠦᠢᠯᠡᠴᠢᠯᠡᠬᠦ ᠵᠡᠷᠭᠡ ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ᠃      ᠬᠤᠷᠠᠯ ᠠᠴᠠ᠂ ᠬᠢᠯᠢ ᠶᠢᠨ ᠪᠣᠭᠤᠮᠲᠠ ᠪᠣᠯᠤᠭᠰᠠᠨ ᠤ ᠬᠤᠪᠢ ᠳᠤ᠂ ᠬᠢᠯᠢ ᠶᠢᠨ ᠠᠮᠤᠷ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠪᠣᠯ ᠪᠢᠳᠡᠨ ᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠯᠢᠳᠡᠭ ᠤᠯᠠᠮᠵᠢᠯᠠᠯ ᠢᠶᠠᠨ ᠪᠠᠷᠢᠮᠲᠠᠯᠠᠨ ᠪᠠᠳᠠᠷᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ᠂ ᠦᠨᠳᠦᠰᠦᠨ ᠱᠠᠲᠤᠨ ᠤ ᠰᠠᠭᠤᠷᠢ ᠶᠢ ᠴᠢᠩᠭ᠎ᠠ ᠠᠳᠬᠤᠬᠤ ᠶᠢ ᠢᠮᠠᠭᠲᠠ ᠪᠠᠷᠢᠮᠲᠠᠯᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠴᠡᠷᠢᠭ ᠠᠩᠬᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠬᠦ ᠬᠤᠳᠠ ᠶᠢᠨ ᠵᠡᠪᠰᠡᠭᠲᠦ ᠬᠦᠴᠦᠨ ᠤ ᠭᠤᠣᠯᠯᠠᠭᠴᠢ ᠶᠢ ᠤᠬᠠᠮᠰᠠᠷ ᠠᠴᠠ ᠪᠠᠨ ᠬᠠᠮᠠᠭᠠᠯᠠᠵᠤ᠂ ᠨᠠᠮ ᠤᠨ ᠵᠢᠯᠤᠭᠤᠳᠤᠯᠭ᠎ᠠ ᠶᠢ ᠲᠠᠭᠠᠬᠤ ᠶᠢ ᠪᠠᠲᠤᠯᠠᠬᠤ ᠬᠡᠷᠡᠭᠲᠡᠢ︔ ᠲᠠᠶᠢᠨ ᠳᠤ ᠪᠡᠯᠡᠳᠬᠡᠵᠦ ᠲᠠᠶᠢᠨ ᠬᠢᠬᠦ ᠶᠢᠨ ᠲᠣᠭᠤᠷᠢᠨ ᠳᠤ᠂ ᠲᠠᠶᠢᠨ ᠤ ᠪᠡᠯᠡᠳᠬᠡᠯ ᠤᠨ ᠪᠣᠯᠪᠠᠰᠤᠷᠠᠯ ᠢ ᠪᠣᠳᠠᠲᠠᠢ ᠠᠳᠬᠤᠵᠤ᠂ ᠡᠷᠦᠬᠡ ᠶᠢᠨ ᠴᠡᠷᠢᠭ ᠤᠨ ᠡᠩᠨᠡᠭᠡ ᠶᠢ ᠰᠠᠶᠢᠲᠤᠷ ᠪᠠᠶᠢᠭᠤᠯᠵᠤ᠂ ᠴᠡᠷᠢᠭ ᠡᠯᠰᠡᠬᠦ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯ᠎ᠡ ᠨᠠᠮ ᠤᠨ ᠠᠵᠢᠯ ᠤᠨ ᠬᠤᠷᠢᠶᠠᠨ ᠤ ᠱᠦᠵᠢ ᠪᠣᠯᠤᠨ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠲᠡᠷᠢᠭᠦᠨ ᠤ ᠠᠵᠢᠯ ᠤᠨ ᠪᠠᠷᠢᠮᠵᠢᠶ᠎ᠠ ᠪᠣᠯᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠲᠦᠷᠦᠭᠦᠯᠡᠨ ᠤᠯᠤᠰ ᠲᠦᠷᠦ ᠶᠢ ᠡᠷᠬᠢᠮᠯᠡᠵᠦ ᠶᠣᠰᠣ ᠲᠦᠷᠢᠮ ᠢ ᠰᠠᠬᠢᠵᠤ᠂ ᠲᠦᠷᠦᠭᠦᠯᠡᠨ ᠡᠷᠳᠡᠮ ᠴᠢᠳᠠᠪᠤᠷᠢ ᠶᠢ ᠰᠤᠷᠤᠯᠴᠠᠵᠤ ᠬᠡᠪ ᠴᠢᠨᠠᠷ ᠢᠶᠠᠨ ᠴᠢᠩᠭᠠᠳᠬᠠᠵᠤ᠂ ᠲᠦᠷᠦᠭᠦᠯᠡᠨ ᠠᠵᠢᠯ ᠢᠶᠠᠨ ᠬᠢᠵᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠳᠠᠪᠤᠷᠢ ᠬᠡᠪ ᠴᠢᠨᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠮᠠᠨ ᠤ ᠬᠤᠲᠠ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠪᠣᠯᠤᠨ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ᠶᠢᠨ ᠪᠦᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠪᠦᠬᠦ ᠬᠤᠳᠠ ᠶᠢᠨ ᠵᠡᠪᠰᠡᠭᠲᠦ ᠬᠦᠴᠦᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ 2023 ᠣᠨ ᠤ ᠵᠡᠪᠰᠡᠭᠲᠦ ᠬᠦᠴᠦᠨ ᠤ ᠠᠵᠢᠯ ᠤᠨ ᠲᠡᠷᠢᠭᠦᠨ ᠤ ᠨᠢᠭᠡᠴᠡ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号