︽ᠵᠠᠭᠤᠨ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ  ᠳᠤ ᠬᠦᠷᠴᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠠᠶᠠᠯᠠᠯ︾ ᠤᠨ ᠬᠠᠪᠤᠷ ᠤᠨ ᠤᠯᠠᠷᠢᠯ ᠤᠨ ᠠᠵᠢᠯᠯᠠᠭ᠎ᠠ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ  ᠬᠦᠨᠵᠡᠭᠡᠶᠢᠷᠡᠭᠰᠡᠨ
ᠨᠡᠶᠢᠲᠡᠯᠡᠭᠰᠡᠨ ᠴᠠᠭ᠄
2024/4/18
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄        ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠵᠤ᠂ ᠲᠡᠳᠡᠨ ᠢ ᠰᠤᠷᠤᠯᠴᠠᠯᠭ᠎ᠠ᠂ ᠠᠮᠢᠳᠤᠷᠠᠯ ᠤᠨ ᠳᠤᠮᠳᠠᠬᠢ  ᠲᠥᠭᠡᠷᠢᠭᠳᠡᠯ ᠳᠤ ᠵᠥᠪ ᠢᠶᠠᠷ ᠬᠠᠨᠳᠤᠭᠤᠯᠤᠨ᠂ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠶᠢᠨ ᠲᠥᠯᠥᠭᠡ  ᠂ 4 ᠰᠠᠷ᠎ᠠ ᠶᠢᠨ 16 ᠤ ᠡᠳᠦᠷ  ᠂ ︽ᠵᠠᠭᠤᠨ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ  ᠳᠤ ᠬᠦᠷᠴᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠠᠶᠠᠯᠠᠯ︾ ᠤᠨ ᠬᠠᠪᠤᠷ ᠤᠨ ᠤᠯᠠᠷᠢᠯ ᠤᠨ ᠠᠵᠢᠯᠯᠠᠭ᠎ᠠ  ᠬᠤᠳᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠬᠦᠨᠵᠡᠭᠡᠶᠢᠷᠡᠵᠦ᠂ ᠰᠤᠷᠤᠭᠴᠢᠳ ᠲᠤ ᠰᠡᠳᠬᠢᠴᠡ ᠶᠢᠨ  ᠵᠦᠪᠯᠡᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠭᠤᠣᠯ ᠰᠡᠳᠦᠪᠲᠦ ᠲᠠᠶᠢᠯᠤᠮᠵᠢ  ᠬᠢᠵᠠᠢ᠃ ᠲᠠᠶᠢᠯᠪᠦᠷᠢ᠄          ᠠᠵᠢᠯᠯᠠᠭ᠎ᠠ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠪᠦᠯᠬᠦᠮ︾  ᠤᠨ ᠰᠡᠳᠬᠢᠴᠡ ᠵᠦᠢ ᠶᠢᠨ ᠲᠤᠰᠬᠠᠢ ᠮᠡᠷᠭᠡᠵᠢᠯᠲᠡᠨ ᠭᠦᠸᠧ ᠮᠢᠨ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃  ᠲᠠᠶᠢᠯᠪᠦᠷᠢᠯᠬᠠᠴᠢ   ᠲᠤᠰᠬᠠᠢ ᠰᠡᠳᠤᠪ ᠢᠶᠠᠷ  ᠪᠡᠶ᠎ᠡ ᠮᠠᠬᠠᠪᠤᠳ ᠪᠠ ᠰᠡᠳᠬᠢᠴᠡ ᠶᠢᠨ ᠪᠤᠶᠢᠵᠢᠯᠲᠠ  ᠬᠤᠶᠠᠷ ᠲᠠᠯ᠎ᠠ ᠶᠢᠨ ᠬᠤᠪᠢᠷᠠᠯᠲᠠ ᠠᠴᠠ ᠭᠠᠷᠳᠠᠨ  ᠲᠠᠶᠢᠯᠪᠤᠷᠢᠯᠠᠵᠤ᠂ ᠡᠷᠡᠭᠦᠯ ᠴᠢᠭᠢᠷᠠᠭ ᠢᠶᠠᠷ ᠦᠰᠦᠨ ᠪᠣᠶᠢᠵᠢᠬᠤ ᠭᠡᠭᠴᠢ ᠶᠠᠭᠤ ᠪᠣᠯᠬᠤ ᠶᠢ ᠰᠤᠷᠤᠭᠴᠢᠳ ᠲᠤ ᠲᠠᠨᠢᠭᠤᠯᠤᠭᠰᠠᠨ ᠪᠠᠶᠢᠨ᠎ᠠ  ᠃          ᠲᠠᠶᠢᠯᠤᠮᠵᠢ   ᠶᠢ  ᠰᠤᠨᠤᠰᠤᠠᠠᠰᠡᠨ ᠰᠤᠷᠤᠠᠠᠴᠢᠳ  ᠰᠡᠳᠬᠢᠴᠡ   ᠶᠢᠨ ᠡᠷᠡᠭᠦᠯ ᠮᠡᠨᠳᠦ   ᠶᠢᠨ ᠮᠡᠳᠡᠯᠭᠡ  ᠡᠵᠡᠮᠰᠢᠵᠦ᠂ ᠤᠷᠮ᠎ᠠ ᠰᠡᠳᠬᠢᠯᠭᠡ ᠪᠠᠨ ᠵᠣᠬᠢᠴᠠᠭᠤᠯᠬᠤ   ᠶᠢ ᠰᠤᠷᠴᠤ᠂ ᠬᠤᠶᠢᠰᠢᠳᠠ ᠪᠡᠶ᠎ᠡ ᠰᠡᠳᠬᠢᠴᠡ ᠪᠠᠨ  ᠵᠣᠬᠢᠴᠠᠭᠤᠯᠵᠤ᠂ ᠡᠷᠡᠭᠦᠯ᠂ ᠢᠳᠡᠪᠬᠢᠲᠡᠢ᠂  ᠦᠭᠡᠳᠡᠷᠬᠡᠭ᠂  ᠪᠤᠶᠠᠨᠰᠠᠭ ᠰᠡᠳᠬᠢᠯᠭᠡ ᠪᠠᠷ ᠠᠮᠢᠳᠤᠷᠠᠯ ᠪᠠ ᠰᠤᠷᠤᠯᠴᠠᠯᠭ᠎ᠠ ᠳᠠᠭᠠᠨ ᠬᠠᠨᠳᠤᠨ᠎ᠠ ᠭᠡᠵᠦ  ᠢᠡᠯᠡᠳᠬᠡᠵᠡᠭᠡᠵᠠᠢ᠃             ᠵᠢᠷᠭᠤᠳᠤᠭᠠᠷ ᠣᠨ ᠤ ᠬᠤᠶᠠᠳᠤᠭᠠᠷ ᠠᠩᠭᠢ ᠶᠢᠨ ᠵᠣᠣ ᠶᠤᠸᠠᠢ  ᠄           ᠥᠨᠥᠳᠥᠷ ᠭᠦᠸᠧ ᠪᠠᠭᠰᠢ ᠪᠢᠳᠡᠨ ᠳᠤ ᠡᠷᠡᠭᠦᠯ ᠴᠢᠭᠢᠷᠠᠭ ᠢᠶᠠᠷ ᠦᠰᠦᠨ ᠪᠣᠶᠢᠵᠢᠬᠤ ᠭᠡᠭᠴᠢ ᠶᠠᠭᠤ ᠪᠣᠯᠬᠤ ᠶᠢ ᠬᠡᠯᠡᠵᠦ ᠥᠭᠴᠡᠢ᠂ ᠪᠢᠳᠡ ᠡᠷᠡᠭᠦᠯ ᠴᠢᠭᠢᠷᠠᠭ ᠢᠶᠠᠷ ᠦᠰᠦᠨ ᠪᠣᠶᠢᠵᠢᠶ᠎ᠠ ᠭᠡᠪᠡᠯ ᠰᠢᠮ᠎ᠡ ᠲᠡᠵᠢᠭᠡᠯ ᠢ ᠪᠠᠲᠤᠯᠠᠵᠤ᠂ ᠲᠠᠮᠢᠷ ᠲᠡᠩᠬᠡᠭᠡ  ᠪᠡᠨ‌‍ᠲ᠋ᠡᠭᠡᠭᠰᠢᠯᠡᠭᠦᠯᠬᠦ ᠬᠡᠷᠡᠭᠲᠡᠢ᠂ ᠨᠠᠩ ᠴᠢᠬᠤᠯᠠ ᠨᠢ ᠪᠢᠳᠡᠨ ᠤ ᠰᠡᠳᠬᠢᠯ ᠰᠠᠨᠠᠭ᠎ᠠ  ᠪᠠᠨ ᠵᠤᠬᠢᠴᠠᠭᠤᠯᠵᠦ ᠰᠤᠷᠬᠤ ᠶᠠᠪᠤᠳᠠᠯ ᠪᠤᠯᠤᠨ᠎ᠠ ᠭᠡᠰᠡᠨ ᠢ ᠤᠶᠢᠯᠭᠠᠯ᠎ᠠ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号