︽ᠤᠯᠤᠰ ᠤᠨ ᠠᠮᠤᠷ ᠲᠦᠪᠰᠢᠨ ᠲᠡᠮᠳᠡᠭᠲᠦ ︾ ᠲᠤᠰᠬᠠᠢ ᠱᠤᠭᠤᠮ ᠤᠨ ᠨᠡᠶᠢᠲᠡ ᠶᠢᠨ ᠮᠠᠰᠢᠨ ᠲᠡᠷᠭᠡ  ᠨᠡᠪᠳᠡᠷᠡᠵᠦ ᠂ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠤᠯᠤᠰ ᠤᠨ ᠠᠮᠤᠷ ᠲᠦᠪᠰᠢᠨ ᠤ  ᠮᠡᠳᠡᠯᠭᠡ ᠶᠢ  ᠤᠶᠢᠯᠭᠠᠨ᠎ᠠ
ᠨᠡᠶᠢᠲᠡᠯᠡᠭᠰᠡᠨ ᠴᠠᠭ᠄
2024/4/18
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄         2024 ᠣᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ  ᠶᠡᠷᠦᠩᠭᠡᠢ ᠦᠵᠡᠯᠲᠡ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃  ᠬᠤᠲᠠ ᠶᠢᠨ ᠠᠷᠠᠳ ᠲᠤ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ  ᠣᠶᠢᠯᠠᠭᠠᠭᠤᠯᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠮᠠᠨ ᠤ ᠬᠤᠲᠠ ᠶᠢᠨ 1  ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠤᠨ 6 ᠨᠡᠶᠢᠲᠡ ᠶᠢᠨ ᠮᠠᠰᠢᠨ ᠲᠡᠷᠭᠡ ︽ᠤᠯᠤᠰ ᠤᠨ ᠠᠮᠤᠷ ᠲᠦᠪᠰᠢᠨ ᠲᠡᠮᠳᠡᠭᠲᠦ︾  ᠲᠤᠰᠬᠠᠢ ᠱᠤᠭᠤᠮ ᠢ ᠨᠡᠪᠲᠡᠷᠡᠭᠦᠯᠵᠡᠢ᠃ ᠲᠠᠶᠢᠯᠪᠦᠷᠢ᠄        ︽ᠤᠯᠤᠰ ᠤᠨ ᠠᠮᠤᠷ ᠲᠦᠪᠰᠢᠨ ᠲᠡᠮᠳᠡᠭᠲᠦ︾ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠢ ᠱᠤᠭᠤᠮ ᠤᠨ ᠮᠠᠰᠢᠨ ᠲᠡᠷᠭᠡ ᠤᠯᠠᠭᠠᠨ ᠥᠩᠭᠡ ᠪᠠᠷ ᠭᠤᠣᠯ  ᠪᠣᠯᠭᠠᠵᠤ᠂ ᠲᠡᠷᠭᠡᠨ ᠤ ᠲᠣᠯᠣᠭᠠᠢ ᠳᠤ ᠢᠯᠡ ᠬᠠᠷᠠᠭᠳᠠᠬᠤ ︽ᠤᠯᠤᠰ ᠤᠨ ᠠᠮᠤᠷ ᠲᠦᠪᠰᠢᠨ ᠲᠡᠮᠳᠡᠭᠲᠦ︾ ᠲᠡᠮᠳᠡᠭ ᠨᠠᠭᠠᠵᠦ᠂ ᠲᠡᠷᠭᠡᠨ ᠳᠣᠲᠣᠷ᠎ᠠ ᠪᠠᠨ  ︽ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠂ ︽ᠤᠯᠤᠰ ᠤᠨ ᠠᠮᠤᠷ ᠲᠦᠪᠰᠢᠨ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠵᠡᠷᠭᠡ ᠤᠬᠠᠭᠤᠯᠭ᠎ᠠ ᠶᠢᠨ ᠤᠷᠢᠶ᠎ᠠ  ᠨᠠᠭᠠᠵᠤ᠂ ᠠᠶᠠᠨᠴᠢᠳ  ᠲᠡᠷᠭᠡᠨ ᠳᠤ ᠰᠠᠭᠤᠬᠤ ᠶᠠᠪᠤᠴᠠ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ  ᠣᠶᠢᠯᠠᠭᠠᠭᠤᠯᠵᠤ᠂ ᠤᠯᠤᠰ ᠤᠨ ᠠᠮᠤᠷ ᠲᠦᠪᠰᠢᠨ ᠳᠡᠷᠭᠡᠳᠡ ᠪᠠᠶᠢᠬᠤ ᠶᠢ ᠭᠦᠨᠵᠡᠭᠡᠢ ᠣᠶᠢᠯᠠᠭᠠᠭᠤᠯᠵᠠᠢ᠃             1  ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠱᠤᠭᠤᠮ ᠳᠤ ᠣᠲᠣ 6 ᠨᠡᠶᠢᠲᠡ ᠶᠢᠨ ᠮᠠᠰᠢᠨ ᠲᠡᠷᠭᠡ ᠪᠣᠶ᠂  ᠲᠤᠰ ᠱᠤᠭᠤᠮ  ᠨᠢ ᠪᠣᠭᠤᠮᠲᠠ ᠶᠢᠨ ᠠᠶᠠᠨᠴᠢᠳ ᠤᠨ ᠪᠠᠶᠢᠴᠠᠭᠠᠯᠲᠠ ᠶᠢᠨ ᠵᠠᠮ  ᠠᠴᠠ  ᠲᠡᠷᠭᠡ ᠬᠦᠳᠡᠯᠵᠦ᠂ ᠮᠠᠰᠢᠨ ᠲᠡᠷᠭᠡᠨ  ᠥᠷᠲᠡᠭᠡ᠂   ᠶᠢᠨ ᠶᠧ ᠬᠤᠳᠠᠯᠳᠤᠭᠠᠨ ᠤ ᠲᠠᠯᠠᠪᠠᠶ᠂ ᠰᠠᠨ ᠰᠢᠩ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ ᠵᠡᠷᠭᠡ ᠬᠥᠮᠥᠨ ᠣᠯᠠᠨ ᠴᠤᠭᠯᠠᠷᠠᠭᠰᠠᠨ ᠬᠤᠳᠠᠯᠳᠤᠭᠠᠨ ᠤ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ ᠢᠶᠠᠷ ᠥᠩᠭᠡᠷᠡᠵᠦ᠂  ᠬᠠᠮᠤᠭ ᠰᠡᠭᠦᠯ ᠳᠤ ᠠᠨ ᠲᠠᠢ ᠮᠣᠳᠣᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠣᠶᠢᠷ᠎ᠠ ᠬᠠᠪᠢ ᠳᠤ  ᠬᠦᠷᠬᠦ ᠪᠤᠯᠤᠨ᠎ᠠ  ᠃ ︽ᠤᠯᠤᠰ ᠤᠨ ᠠᠮᠤᠷ ᠲᠦᠪᠰᠢᠨ ᠲᠡᠮᠳᠡᠭᠲᠦ︾ ᠨᠡᠶᠢᠲᠡ ᠶᠢᠨ ᠮᠠᠰᠢᠨ ᠲᠡᠷᠭᠡᠨ ᠤ ᠲᠤᠰᠬᠠᠢ ᠱᠤᠭᠤᠮ ᠨᠡᠭᠦᠳᠡᠯ ᠮᠠᠶ᠋ᠢᠭ ᠤᠨ ᠤᠬᠠᠭᠤᠯᠭ᠎ᠠ ᠪᠠᠷ ᠠᠶᠠᠨᠴᠢᠳ ᠲᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠬᠤᠳᠠ ᠶᠢᠨ ᠠᠷᠠᠳ ᠲᠤ  ᠤᠯᠤᠰ ᠤᠨ ᠠᠮᠤᠷ ᠲᠦᠪᠰᠢᠨ ᠢ ᠠᠩᠬᠠᠷᠤᠭᠤᠯᠵᠤ᠂ ᠤᠯᠤᠰ ᠤᠨ ᠠᠮᠤᠷ ᠲᠦᠪᠰᠢᠨ ᠢ ᠣᠶᠢᠯᠠᠭᠠᠭᠤᠯᠵᠤ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠪᠦᠷᠬᠦᠴᠡ ᠶᠢ  ᠥᠷᠭᠡᠨ ᠪᠣᠯᠭᠠᠵᠤ᠂ ᠪᠦᠬᠦ ᠬᠤᠳᠠ ᠳᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠵᠠᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号