ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ  ᠢ ᠠᠵᠤ ᠠᠬᠤᠶᠢᠯᠠᠯ  ᠳᠤ  ᠤᠬᠠᠭᠤᠯᠵᠦ ᠂  ᠪᠣᠭᠤᠮᠲᠠ ᠶᠢᠨ ᠬᠢᠵᠢᠭ ᠰᠢᠯᠭᠠᠨ ᠪᠠᠶᠢᠴᠠᠭᠠᠬᠤ ᠰᠡᠷᠭᠡᠶᠢᠯᠡᠯᠲᠡ ᠶᠢᠨ  ᠱᠤᠭᠤᠮ ᠢ ᠬᠠᠮᠠᠭᠠᠯᠬᠠᠰᠡᠨ
ᠨᠡᠶᠢᠲᠡᠯᠡᠭᠰᠡᠨ ᠴᠠᠭ᠄
2024/4/18
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄           ᠡᠨᠡ ᠵᠢᠯ ᠤᠨ 4 ᠰᠠᠷ᠎ᠠ ᠶᠢᠨ 15 ᠤ ᠡᠳᠦᠷ ᠪᠣᠯ ᠶᠢᠰᠦᠳᠡᠬᠢ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠪᠣᠯᠣᠨ᠎ᠠ᠃ 4 ᠰᠠᠷ᠎ᠠ ᠶᠢᠨ 11 ᠤ ᠡᠳᠦᠷ᠂ ᠡᠷᠢᠶᠡᠨ‌‍ᠬᠢᠯᠢ ᠶᠢᠨ ᠪᠣᠭᠤᠮᠲᠠ ᠶᠢᠨ ᠠᠵᠢᠯᠲᠠᠨ ᠠᠵᠤ ᠠᠬᠤᠶᠢᠯᠠᠯ ᠳᠤ ᠬᠦᠷᠴᠦ ︽ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠢ ᠠᠵᠤ ᠠᠬᠤᠶᠢᠯᠠᠯ ᠳᠤ   ᠤᠬᠠᠭᠤᠯᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠲᠠᠶᠢᠯᠪᠦᠷᠢ᠄        ᠡᠷᠢᠶᠡᠨ  ᠤ ᠬᠤᠤ ᠲᠢᠶᠠᠨ ᠳᠤᠮᠳᠠᠳᠤ ᠮᠣᠩᠭᠤᠯ ᠤᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ᠂  ᠬᠢᠯᠢ ᠶᠢᠨ ᠪᠣᠭᠤᠮᠲᠠ ᠶᠢᠨ ᠠᠵᠢᠯᠲᠠᠳ ᠠᠵᠤ ᠠᠬᠤᠶᠢᠯᠠᠯ ᠤᠨ ᠠᠵᠢᠯᠲᠠᠳ ᠲᠤ ︽ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾᠂  ᠬᠥᠨᠥᠭᠡᠯᠲᠡᠢ ᠠᠮᠢᠳᠤ ᠪᠣᠳᠠᠰ ᠤᠨ ᠣᠷᠣᠵᠤ ᠢᠷᠡᠬᠦ ᠠᠷᠭ᠎ᠠ ᠵᠠᠮ ᠵᠢᠴᠢ ᠬᠤᠣᠷ ᠬᠥᠨᠥᠭᠡᠯ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂  ᠠᠵᠢᠯᠲᠠᠳ  ᠤᠨ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ  ᠲᠡᠭᠡᠭᠰᠢᠯᠡᠭᠦᠯᠬᠦ ᠶᠢ ᠬᠦᠳᠦᠯᠦᠨ ᠵᠢᠯᠤᠭᠤᠳᠴᠤ  ᠂ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠤ ᠲᠦᠷᠦ ᠶᠢᠨ ᠪᠣᠳᠣᠯᠭ᠎ᠠ  ᠂ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠡᠵᠡᠮᠰᠢᠭᠦᠯᠵᠦ᠂ ᠠᠮᠤᠷ ᠲᠦᠪᠰᠢᠨ ᠤ ᠤᠬᠠᠮᠰᠠᠷ ᠢ ᠨᠢ ᠴᠢᠩᠭᠠᠳᠬᠠᠵᠤ  ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠡᠢ  ᠃           ᠡᠷᠢᠶᠡᠨ  ᠬᠢᠯᠢ ᠶᠢᠨ ᠪᠣᠭᠤᠮᠲᠠ ᠶᠢᠨ ᠲᠡᠮᠦᠷ ᠵᠠᠮ ᠤᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠵᠠᠩ ᠽᠢ ᠴᠢ  ᠄         ᠲᠣᠰ ᠤᠳᠠᠭᠠᠨ ᠤ ᠠᠵᠢᠯᠯᠠᠭ᠎ᠠ ᠪᠣᠯ ᠡᠷᠢᠶᠡᠨ‌‍ᠬᠢᠯᠢ ᠶᠢᠨ ᠪᠣᠭᠤᠮᠲᠠ ᠶᠢᠨ ᠥᠷᠨᠢᠭᠦᠯᠦᠭᠰᠡᠨ ᠶᠢᠰᠦᠳᠡᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾ ᠶᠢ ᠬᠡᠷᠡᠭᠵᠢᠭᠦᠯᠦᠭᠰᠡᠨ 3 ᠵᠢᠯ ᠤᠨ ᠣᠶ ᠶᠢᠨ ᠰᠢᠷᠢᠰ ᠤᠬᠠᠭᠤᠯᠭ᠎ᠠ ᠶᠢᠨ  ᠠᠵᠢᠯᠯᠠᠭᠠᠨ ᠤ ᠨᠢᠭᠡ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠡᠷᠢᠶᠡᠨ ᠬᠢᠯᠢ ᠶᠢᠨ ᠪᠣᠭᠤᠮᠲᠠ ᠶᠢᠨ ᠬᠢᠨ ᠵᠠᠰᠠᠭ ᠤᠨ ᠣᠷᠳᠣᠨ᠂ ᠠᠵᠤ ᠠᠬᠤᠶᠢᠯᠠᠯ᠂ ᠰᠤᠷᠭᠠᠭᠤᠯᠢ ᠲᠠᠢ ᠬᠤᠯᠪᠤᠭᠠᠯᠠᠨ  ᠪᠠᠶᠢᠭᠤᠯᠤᠯᠳᠠ ᠪᠠᠨ ᠭᠦᠨᠵᠡᠭᠡᠶᠢᠷᠡᠭᠦᠯᠵᠦ᠂ ᠤᠬᠠᠭᠤᠯᠭ᠎ᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠦᠷᠭᠦᠯᠵᠢᠯᠡᠨ ᠥᠷᠨᠢᠭᠦᠯᠬᠦ ᠪᠣᠯᠣᠨ᠎ᠠ᠃           ᠣᠶᠢᠯᠠᠭᠠᠭᠰᠠᠨ ᠢᠶᠠᠷ᠂ 2023 ᠣᠨ ᠳᠤ᠂ ᠡᠷᠢᠶᠡᠨ  ᠬᠢᠯᠢ ᠶᠢᠨ ᠪᠣᠭᠤᠮᠲᠠ ᠶᠢᠨ ᠬᠢᠨ 50 ᠭᠠᠷᠤᠢ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠴᠡᠭ  ᠪᠠᠶᠢᠷᠢᠯᠠᠭᠤᠯᠵᠤ᠂ 36 ᠥᠳᠥᠭᠡᠨ ᠪᠠᠷᠢᠬᠤ ᠪᠠᠭᠠᠵᠢ  ᠲᠤᠬᠢᠷᠠᠭᠤᠯᠵᠦ᠂ ᠣᠶ ᠮᠣᠳᠣᠨ ᠤ ᠬᠥᠨᠥᠭᠡᠯᠳᠦ ᠰᠢᠪᠠᠵᠢ᠂ ᠲᠥᠮᠥᠰᠥᠨ  ᠴᠣᠬᠤ᠂ ᠤᠯᠠᠭᠠᠨ ᠭᠠᠯ ᠰᠢᠷᠭᠤᠯᠵᠢ ᠵᠡᠷᠭᠡ ᠶᠢᠨ ᠲᠤᠰᠬᠠᠢ ᠬᠢᠨᠠᠨ ᠬᠡᠮᠵᠢᠯᠲᠡ ᠶᠢ 20 ᠭᠠᠷᠤᠢ ᠤᠳᠠᠭ᠎ᠠ ᠥᠷᠨᠢᠭᠦᠯᠵᠦ᠂ 48 ᠵᠦᠢᠯ ᠤᠨ ᠬᠥᠨᠥᠭᠡᠯᠳᠦ ᠠᠮᠢᠳᠤ ᠪᠣᠳᠠᠰ ᠢ  ᠢᠯᠡᠷᠡᠭᠦᠯᠵᠦ᠂ 46 ᠵᠦᠢᠯ ᠤᠨ  ᠬᠤᠭ ᠡᠪᠡᠰᠦ ᠶᠢ ᠬᠢᠨᠠᠨ  ᠬᠡᠮᠵᠢᠵᠦ ᠭᠠᠷᠭᠠᠵᠠᠢ᠃ ᠡᠷᠢᠶᠡᠨ ᠬᠢᠯᠢ ᠶᠢᠨ ᠪᠣᠭᠤᠮᠲᠠ ᠶᠢᠨ ᠬᠢᠨ  ᠬᠢᠨᠠᠯᠲᠠ ᠬᠠᠮᠢᠶᠠᠷᠤᠯᠲᠠ ᠪᠠᠨ  ᠴᠢᠩᠭᠠᠳᠬᠠᠵᠤ᠂ ᠪᠣᠭᠤᠮᠲᠠ ᠶᠢᠨ ᠪᠠᠶᠢᠴᠠᠭᠠᠨ ᠰᠢᠯᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠪᠣᠭᠤᠮᠲᠠ ᠶᠢᠨ ᠬᠢᠵᠢᠭ ᠪᠠᠶᠢᠴᠠᠭᠠᠬᠤ ᠰᠡᠷᠭᠡᠶᠢᠯᠡᠯᠲᠡ ᠶᠢᠨ ᠱᠤᠭᠤᠮ ᠢ  ᠪᠠᠶᠢᠭᠤᠯᠵᠤ᠂ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ ᠢ  ᠬᠠᠮᠠᠭᠠᠯᠠᠵᠠᠢ  ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号