ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯᠯᠠᠭ᠎ᠠ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠵᠤ ᠡᠶ᠎ᠡ ᠵᠣᠬᠢᠴᠠᠩᠭᠤᠢ ᠪᠠᠶᠢᠭᠠᠯᠢ ᠶᠢ ᠬᠠᠮᠲᠤᠪᠠᠷ ᠴᠣᠭᠴᠠᠯᠠᠭᠰᠠᠨ
ᠨᠡᠶᠢᠲᠡᠯᠡᠭᠰᠡᠨ ᠴᠠᠭ᠄
2024/4/18
ᠤᠷᠴᠢᠭᠤᠯᠤᠭᠴᠢ᠄  ᠪᠦᠷᠢᠩᠭᠤᠸ᠎ᠠᠤᠳᠤᠷᠢᠳᠬᠠᠯ᠄            ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠭᠤᠯᠭ᠎ᠠ ᠶᠢᠨ ᠡᠷᠴᠢᠮ  ᠴᠢᠩᠭᠠᠷᠠᠬᠤ ᠶᠢ ᠳᠠᠭᠠᠯᠳᠤᠨ᠂ ᠰᠠᠭᠤᠭᠠᠯᠢ ᠠᠷᠠᠳ ᠤᠨ ︽ᠬᠡᠭᠡᠷ᠎ᠡ ᠶᠢᠨ ᠠᠮᠢᠲᠠᠨ ᠢ ᠬᠠᠮᠠᠭᠠᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ︾ ᠦᠵᠡᠯ ᠤᠬᠠᠮᠰᠠᠷ ᠳᠠᠭᠡᠭᠰᠢᠯᠡᠵᠦ᠂ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠡᠩᠨᠡᠭᠡᠨ ᠳᠤ ᠣᠷᠣᠬᠤ ᠬᠥᠮᠥᠰ ᠴᠦ ᠤᠯᠠᠮ ᠠᠴᠠ ᠤᠯᠠᠮ ᠣᠯᠠᠰᠢᠷᠠᠵᠤ ᠪᠠᠶᠢᠨ᠎ᠠ᠃ ᠳᠠᠶᠢᠯᠪᠤᠷᠢ᠄     ᠣᠶᠢᠷ᠎ᠠ ᠳᠤ᠂ ᠰᠤᠷᠪᠤᠯᠵᠢᠯᠠᠭᠴᠢ ᠰᠠᠶᠢᠬᠤᠰᠣ  ᠭᠠᠴᠠᠭᠠᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠳᠤ ᠭᠦᠷᠬᠦ ᠳᠤ᠂ ᠲᠣᠰ ᠥᠷᠲᠡᠭᠡᠨ ᠤ ᠬᠠᠷᠢᠭᠤᠴᠠᠯᠭᠠᠲᠠᠨ ᠵᠠᠩ ᠫᠧᠩ  ᠤᠨ  ᠠᠪᠤᠷᠠᠭᠰᠠᠨ ᠬᠡᠭᠡᠷ᠎ᠡ ᠶᠢᠨ ᠵᠡᠭᠡᠷ᠎ᠡ ᠶᠢᠨ ᠪᠡᠶ᠎ᠡ ᠶᠢᠨ ᠡᠷᠡᠭᠦᠯᠵᠢᠯ ᠤᠨ ᠪᠠᠶᠢᠳᠠᠯ ᠢ ᠪᠠᠶᠢᠴᠠᠭᠠᠨ ᠦᠵᠡᠬᠦ ᠪᠠᠷ ᠶᠠᠭᠠᠷᠠᠯᠳᠤᠵᠤ ᠪᠠᠶᠢᠬᠤ  ᠲᠠᠢ ᠳᠠᠭᠠᠷᠠᠯᠳᠣᠵᠠᠢ᠃ ᠣᠶᠢᠷ᠎ᠠ ᠶᠢᠨ ᠬᠤᠶᠠᠷ ᠰᠠᠷ᠎ᠠ ᠶᠢᠨ ᠲᠤᠷᠰᠢ᠂ ᠵᠠᠷᠢᠮ ᠵᠡᠷᠯᠢᠭ ᠵᠡᠭᠡᠷ᠎ᠡ ᠮᠣᠩᠭᠤᠯ ᠤᠯᠤᠰ   ᠠᠴᠠ ᠬᠢᠯᠢ ᠳᠠᠪᠠᠵᠤ ᠮᠠᠨ ᠤ ᠤᠯᠤᠰ ᠤᠨ ᠬᠢᠯᠢ ᠳᠤ ᠢᠷᠡᠭᠰᠡᠨ ᠳᠤ᠂ ᠴᠥᠭᠡᠨ ᠪᠤᠰᠤ ᠵᠡᠭᠡᠷ᠎ᠡ ᠬᠠᠰᠢᠶ᠎ᠠ ᠶᠢ ᠳᠠᠪᠠᠭᠰᠠᠨ ᠪᠤᠶᠤ ᠪᠤᠰᠤᠳ ᠰᠢᠯᠲᠠᠭᠠᠨ   ᠠᠴᠠ ᠪᠣᠯᠵᠤ ᠰᠢᠷᠬᠠᠲᠤᠭᠠᠳ᠂ ᠰᠠᠶᠢᠨ ᠰᠠᠨᠠᠭᠠᠲᠤ ᠬᠤᠲᠠ ᠶᠢᠨ ᠠᠷᠠᠳ ᠪᠤᠶᠤ ᠰᠠᠶᠢᠨ  ᠳᠣᠷᠠᠴᠢᠳ ᠮᠡᠳᠡᠭᠰᠡᠨ ᠤ ᠳᠠᠷᠠᠭ᠎ᠠ ᠠᠪᠤᠷᠠᠨ ᠲᠤᠰᠠᠯᠠᠬᠤ ᠥᠷᠲᠡᠭᠡ ᠳᠤ ᠬᠦᠷᠭᠡᠭᠰᠡᠨ ᠪᠠᠶᠢᠨ᠎ᠠ᠃      ᠠᠪᠤᠷᠠᠨ  ᠳᠣᠰᠠᠯᠠᠭᠰᠠᠨ ᠬᠡᠭᠡᠷ᠎ᠡ ᠶᠢᠨ ᠠᠮᠢᠲᠠᠨ ᠤ ᠲᠤᠭ᠎ᠠ ᠤᠯᠠᠮ ᠢᠶᠠᠷ ᠣᠯᠠᠰᠢᠷᠠᠬᠤ ᠶᠢ ᠳᠠᠭᠠᠯᠳᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ ᠰᠠᠶᠢᠬᠤᠰᠣ  ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠵᠢᠩᠬᠢᠨᠢ ᠪᠠᠷ ᠪᠠᠶᠢᠭᠤᠯᠤᠭᠳᠠᠪᠠ᠃ ᠣᠲᠣ ᠪᠣᠯᠲᠠᠯ᠎ᠠ᠂ ᠠᠪᠤᠷᠠᠨ ᠲᠤᠰᠠᠯᠠᠬᠤ ᠥᠷᠲᠡᠭᠡ ᠨᠡᠶᠢᠲᠡ 73 ᠬᠡᠭᠡᠷ᠎ᠡ ᠶᠢᠨ ᠵᠡᠭᠡᠷ᠎ᠡ᠂ 25  ᠬᠤᠯᠠᠨ ᠶᠢ ᠠᠪᠤᠷᠠᠨ ᠲᠤᠰᠠᠯᠠᠵᠠᠢ᠃     ᠰᠣᠷᠪᠣᠯᠵᠢᠯᠠᠭ᠎ᠠ᠄ ᠬᠤᠲᠠ   ᠶᠢᠨ ᠬᠡᠭᠡᠷ᠎ᠡ   ᠶᠢᠨ ᠠᠮᠢᠲᠠᠨ ᠤᠷᠭᠤᠮᠠᠯ   ᠢ ᠬᠠᠮᠠᠭᠠᠯᠠᠬᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠰᠠᠶᠢᠬᠤᠰᠣ  ᠭᠠᠴᠠᠭᠠᠨ ᠤ ᠬᠡᠭᠡᠷ᠎ᠡ   ᠶᠢᠨ ᠠᠮᠢᠲᠠᠨ   ᠢ ᠠᠪᠤᠷᠠᠨ ᠲᠤᠰᠠᠯᠠᠬᠤ ᠥᠷᠲᠡᠭᠡᠨ ᠤ ᠬᠠᠷᠢᠭᠤᠴᠠᠯᠭᠠᠲᠠᠨ ᠵᠠᠩ ᠫᠧᠩ     ᠮᠠᠨ ᠤ ᠨᠡᠶᠢᠭᠡᠮᠯᠢᠭ ᠤᠨ ᠰᠠᠶᠢᠨ‌‍ᠲ᠋ᠣᠷᠠᠴᠢᠳ  ᠥᠪᠡᠷᠰᠡᠳ   ᠢᠶᠠᠨ ᠳᠥᠷᠪᠡᠨ ᠲᠣᠭᠤᠷᠢᠨ ᠪᠠᠶᠢᠴᠠᠭᠠᠬᠤ ᠳᠤᠭᠤᠶᠢᠯᠠᠩ᠂ ᠬᠤᠶᠠᠷ ᠡᠷᠢᠵᠦ ᠠᠪᠤᠷᠠᠬᠤ ᠳᠤᠭᠤᠶᠢᠯᠠᠩ ᠪᠠᠶᠢᠭᠤᠯᠵᠤ᠂ ᠨᠡᠶᠢᠭᠡᠮᠯᠢᠭ ᠠᠴᠠ ᠬᠡᠭᠡᠷ᠎ᠡ   ᠶᠢᠨ ᠠᠮᠢᠲᠠᠨ   ᠢ ᠬᠠᠮᠠᠭᠠᠯᠠᠬᠤ ᠬᠠᠤᠯᠢ   ᠶᠢ ᠦᠨᠳᠦᠰᠦᠯᠡᠨ ᠰᠠᠶᠢᠨ ᠳᠣᠷᠠᠴᠢᠳ  ᠤᠨ ᠠᠵᠢᠯᠯᠠᠭ᠎ᠠ   ᠶᠢ ᠵᠢᠷᠤᠮᠵᠢᠭᠤᠯᠬᠤ ᠳᠦᠷᠢᠮ   ᠢ ᠲᠣᠭᠲᠠᠭᠠᠵᠤ᠂ ᠠᠪᠤᠷᠠᠨ ᠲᠤᠰᠠᠯᠠᠬᠤ ᠠᠵᠢᠯ ᠤᠨ ᠳᠤᠮᠳᠠ ᠠᠵᠢᠯᠯᠠᠭ᠎ᠠ   ᠶᠢ ᠵᠢᠷᠤᠮᠵᠢᠭᠤᠯᠬᠤ ᠳᠦᠷᠢᠮ   ᠢ ᠴᠢᠩᠭ᠎ᠠ ᠵᠢᠷᠤᠮᠯᠠᠵᠤ᠂ ᠬᠠᠤᠯᠢ ᠶᠣᠰᠣᠭᠠᠷ ᠠᠪᠤᠷᠠᠨ ᠲᠤᠰᠠᠯᠠᠵᠠᠢ᠃      ᠨᠡᠶᠢᠭᠡᠮᠯᠢᠭ ᠤᠨ ᠰᠠᠶᠢᠨ ᠳᠣᠷᠠᠴᠢᠳ ᠪᠠᠶᠢᠳᠠᠯ ᠢ ᠦᠨᠳᠦᠰᠦᠯᠡᠨ᠂ ᠠᠪᠤᠷᠠᠨ ᠳᠣᠰᠠᠯᠠᠭᠰᠠᠨ ᠬᠡᠭᠡᠷ᠎ᠡ ᠶᠢᠨ ᠠᠮᠢᠳᠠᠨ ᠢ ᠠᠪᠤᠷᠠᠨ ᠵᠠᠰᠠᠬᠤ ᠶᠢᠨ ᠬᠠᠮᠲᠤ ᠢᠳᠡᠭᠦᠯᠬᠦ ᠴᠡᠭ ᠭᠠᠷᠭᠠᠵᠤ᠂ ᠡᠳᠦᠷ ᠪᠦᠷᠢ ᠲᠣᠭᠲᠠᠭᠰᠠᠨ ᠴᠠᠭ ᠲᠤ ᠡᠪᠡᠰᠦ ᠪᠣᠷᠳᠤᠭ᠎ᠠ ᠪᠠ ᠤᠰᠤ ᠲᠠᠯᠪᠢᠨ᠎ᠠ᠃ ᠡᠭᠦᠨ ᠠᠴᠠ ᠭᠠᠳᠠᠨ᠎ᠠ᠂ ᠰᠠᠶᠢᠨ ᠳᠣᠷᠡᠴᠢᠳ ᠡᠳᠦᠷ ᠪᠦᠷᠢ ᠵᠡᠭᠡᠷ᠎ᠡ᠂  ᠬᠤᠯᠠᠨ ᠵᠡᠷᠭᠡ ᠠᠮᠢᠳᠠᠨ ᠤ ᠦᠷᠭᠦᠯᠵᠢ ᠣᠷᠣᠵᠤ ᠭᠠᠷᠳᠠᠭ ᠲᠡᠮᠦᠷ ᠵᠠᠮ ᠳᠠᠭᠠᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠲᠣᠭᠤᠷᠢᠨ ᠪᠠᠶᠢᠴᠠᠭᠠᠳᠠᠭ᠂  ᠰᠢᠷᠬᠠᠳᠣᠵᠦ ᠤᠨᠠᠭᠰᠠᠨ ᠬᠡᠭᠡᠷ᠎ᠡ ᠶᠢᠨ ᠠᠮᠢᠲᠠᠨ ᠢ ᠣᠯᠵᠤ ᠮᠡᠳᠡᠪᠡᠯ᠂ ᠲᠡᠭᠦᠨ ᠢ ᠲᠡᠷᠡ ᠳᠠᠷᠤᠢ ᠳᠤᠨᠢ ᠠᠪᠤᠷᠠᠨ ᠲᠤᠰᠠᠯᠠᠬᠤ ᠭᠠᠵᠠᠷ ᠲᠤ ᠠᠪᠠᠴᠢᠳᠠᠭ᠃  ᠠᠩᠬ᠎ᠠ ᠠᠯᠬᠤᠮ ᠤᠨ ᠪᠦᠷᠢᠳᠬᠡᠯ   ᠢ ᠦᠨᠳᠦᠰᠦᠯᠡᠪᠡᠯ᠂ ᠰᠠᠶᠢᠨ‌‍ᠲ᠋ᠣᠷᠠᠴᠢᠳ  ᠤᠨ ᠲᠣᠭᠤᠷᠢᠨ ᠪᠠᠶᠢᠴᠠᠭᠠᠬᠤ ᠠᠩᠭᠢ ᠣᠳᠣ ᠨᠢᠭᠡᠨᠲᠡ ᠵᠠᠭᠤ ᠭᠠᠷᠤᠢ ᠲᠡᠷᠭᠡ ᠬᠥᠰᠬᠡ᠂ 200 ᠭᠠᠷᠤᠢ ᠬᠥᠮᠥᠨ ᠤᠳᠠᠭ᠎ᠠ ᠲᠣᠭᠤᠷᠢᠨ  ᠪᠠᠶᠢᠴᠠᠭᠠᠭᠰᠠᠨ ᠪᠠᠶᠢᠨ᠎ᠠ᠃    ᠰᠣᠷᠪᠣᠯᠵᠢᠯᠠᠭ᠎ᠠ᠄ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠰᠠᠶᠢᠬᠤᠰᠣ  ᠭᠠᠴᠠᠭᠠᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠶᠢᠨ ᠬᠠᠷᠢᠭᠤᠴᠠᠯᠭᠠᠲᠠᠨ ᠵᠠᠩ ᠫᠧᠩ    ᠬᠡᠭᠡᠷ᠎ᠡ ᠶᠢᠨ ᠠᠮᠢᠲᠠᠨ ᠪᠣᠯ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠲᠥᠷᠥᠯ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠪᠠ ᠠᠪᠤᠷᠠᠨ ᠲᠤᠰᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠵᠠᠶᠢᠯᠠᠭᠤᠯᠵᠤ ᠪᠣᠯᠣᠰᠢ ᠦᠭᠡᠢ ᠡᠭᠦᠷᠭᠡ ᠬᠠᠷᠢᠭᠤᠴᠠᠯᠭ᠎ᠠ   ᠮᠥᠨ᠃ ᠬᠡᠷᠪᠡ ᠰᠢᠷᠬᠠᠲᠤᠵᠤ ᠵᠡᠮᠳᠡᠭ ᠪᠣᠯᠤᠭᠰᠠᠨ ᠬᠡᠭᠡᠷ᠎ᠡ ᠶᠢᠨ ᠠᠮᠢᠲᠠᠨ ᠢ ᠣᠯᠵᠤ ᠮᠡᠳᠡᠪᠡᠯ᠂  ᠬᠤᠪᠢ ᠪᠠᠷ ᠢᠶᠠᠨ ᠠᠪᠤᠷᠠᠨ ᠲᠤᠰᠠᠯᠠᠵᠤ ᠪᠣᠯᠬᠤ ᠦᠭᠡᠢ᠂ ᠰᠣᠬᠤᠷ ᠪᠠᠯᠠᠢ ᠪᠠᠷ ᠲᠠᠯᠪᠢᠵᠤ ᠪᠣᠯᠬᠤ ᠦᠭᠡᠢ᠂ ᠴᠠᠭ ᠲᠤᠬᠠᠢ ᠳᠤᠨᠢ ᠴᠠᠭᠳᠠᠭ᠎ᠠ ᠳᠤ ᠮᠡᠳᠡᠭᠦᠯᠬᠦ ᠪᠤᠶᠤ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠨᠡᠶᠢᠭᠡᠮᠯᠢᠭ ᠤᠨ ᠠᠪᠤᠷᠠᠨ ᠲᠤᠰᠠᠯᠠᠬᠤ  ᠤᠲᠠᠰᠤ 15164991568 ᠶᠢ ᠤᠲᠠᠰᠤᠳᠠᠭᠠᠷᠠᠢ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号