ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠭᠠᠷᠭᠠᠵᠤ ᠂ ᠵᠠᠰᠠᠭ ᠤᠨ ᠶᠠᠪᠤᠳᠠᠯ ᠤᠨ  ᠤᠶᠢᠯᠡᠴᠢᠯᠡᠭᠡ ᠶᠢ ᠲᠡᠭᠡᠭᠰᠢᠯᠡᠭᠦᠯᠦᠭᠰᠡᠨ
ᠨᠡᠶᠢᠲᠡᠯᠡᠭᠰᠡᠨ ᠴᠠᠭ᠄
2024/4/18
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠣᠭᠤᠮᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ︽ᠤᠴᠢᠷ ᠶᠠᠪᠤᠳᠠᠯ  ᠭᠦᠢᠴᠡᠳᠬᠡᠵᠦ ᠳᠡᠶᠢᠯᠬᠦ ᠦᠭᠡᠢ︾ ᠴᠣᠩᠬᠤᠨ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠬᠤ︾ ᠴᠣᠩᠬᠤ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠳᠤ ᠰᠢᠭᠤᠳ ᠬᠦᠷᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠃ ᠲᠠᠶᠢᠯᠪᠦᠷᠢ᠄            ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠨᠢ ᠭᠤᠣᠯᠳᠠᠭᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠬᠤᠳᠠᠯᠳᠤᠭ᠎ᠠ ᠬᠢᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ  ᠡᠳ᠋ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠬᠦᠷᠢᠶᠡᠨ ᠳᠠᠬᠢ ᠠᠮᠠᠯᠠᠯᠲᠠ ᠶᠢᠨ ᠵᠦᠢᠯᠡᠰ ᠤᠨ ᠪᠣᠯᠵᠤᠭ᠎ᠠ   ᠠᠴᠠ ᠵᠥᠷᠢᠴᠡᠵᠦ ᠢᠲᠡᠭᠡᠯ ᠠᠯᠳᠠᠭᠰᠠᠨ ᠦᠶᠯᠡ  ᠠᠵᠢᠯᠯᠠᠭᠠᠨ ᠤ ᠵᠠᠭᠠᠯᠳᠤᠯᠭ᠎ᠠ ᠶᠢ ᠲᠥᠪᠯᠡᠷᠡᠭᠦᠯᠦᠨ ᠭᠥᠯᠢᠶᠡᠨ ᠠᠪᠴᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠠᠬᠢ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ  ᠰᠢᠯᠢᠳᠡᠭᠵᠢᠭᠦᠯᠦᠨ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ  ᠠᠬᠢᠭᠤᠯᠬᠤ ᠪᠤᠯᠤᠨ᠎ᠠ  ᠃         ︽ᠡᠭᠦᠳᠡ︾ ᠶᠢ ᠥᠷᠭᠡᠨ ᠢᠶᠠᠷ ᠨᠡᠭᠡᠭᠡᠵᠦ᠂ ᠠᠵᠤ ᠠᠬᠤᠶᠢᠯᠠᠯ ᠤᠨ  ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ  ᠥᠷᠨᠢᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ  ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠬᠡᠪᠴᠢᠶ᠎ᠡ᠂ ᠵᠠᠭᠠᠯᠳᠤᠯᠭ᠎ᠠ ᠶᠢᠨ ᠠᠷᠭ᠎ᠠ ᠵᠠᠮ ᠢ  ᠨᠡᠶᠢᠳᠡᠯᠡᠭᠰᠡᠨ ᠤ ᠬᠠᠮᠲᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠲᠠᠢ ᠨᠢᠭᠤᠷᠲᠠᠨ ᠰᠣᠯᠢᠯᠴᠠᠬᠤ ᠪᠠᠷ ᠳᠠᠮᠵᠢᠭᠤᠯᠤᠨ᠂ ᠨᠡᠶᠢᠭᠡᠮ ᠤᠨ ᠢᠲᠡᠭᠡᠮᠵᠢ ᠶᠢᠨ  ᠴᠢᠬᠤᠯᠠ ᠴᠢᠨᠠᠷ ᠢ  ᠲᠦᠭᠡᠮᠡᠯᠵᠢᠭᠦᠯᠵᠦ᠂ ᠦᠨᠡᠨᠴᠢ ᠢᠲᠡᠭᠡᠮᠵᠢᠲᠡᠢ ᠪᠠᠶᠢᠬᠤ ᠤᠯᠠᠮᠵᠢᠯᠠᠯᠲᠤ  ᠰᠤᠷᠲᠠᠯ ᠢ ᠪᠠᠳᠠᠷᠠᠭᠤᠯᠤᠨ᠂  ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠮᠵᠢ ᠶᠢ ᠮᠡᠳᠡᠬᠦ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠶᠢ ᠰᠠᠬᠢᠭᠤᠯᠬᠤ ᠪᠣᠯᠭᠠᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢ ᠰᠠᠬᠢᠬᠤ  ᠠᠭᠤᠷ ᠠᠮᠢᠰᠬᠤᠯ ᠢ  ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ  ᠪᠤᠯᠤᠨ᠎ᠠ  ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号