| 4 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ 5 ᠪᠦᠯᠦᠭ ᠤᠳᠠᠭ᠎ᠠ ᠶᠢᠨ 77.7 ᠲᠣᠨ | ᠣᠷᠣᠰ ᠤᠨ ᠮᠠᠭᠠᠯᠢᠩᠭᠤ ᠶᠢᠨ ᠦᠷ᠎ᠡ ᠶᠢ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠠᠷᠭ᠎ᠠ ᠵᠠᠮ ᠢᠶᠠᠷ ᠭᠠᠳᠠᠭᠠᠳᠤ ᠠᠴᠠ ᠣᠷᠣᠭᠤᠯᠵᠤ᠂ ᠡᠷᠢᠶᠡᠨ ᠪᠣᠭᠤᠮᠲᠠ ᠶᠢᠨ ᠲᠤᠷᠰᠢᠯᠲᠠ ᠶᠢᠨ | ᠲᠠᠰᠤᠭ ᠤᠨ ᠪᠠᠶᠢᠴᠠᠭᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠭᠠᠳᠠᠭᠠᠳᠤ ᠠᠴᠠ ᠣᠷᠣᠭᠤᠯᠬᠤ ᠠᠮᠤ | ᠪᠤᠳᠠᠭᠠᠨ ᠤ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠠᠴᠠ ᠠᠮᠤ ᠪᠤᠳᠠᠭᠠᠨ ᠤ ᠪᠣᠯᠪᠠᠰᠤᠷᠠᠭᠤᠯᠬᠤ | ᠦᠢᠯᠡᠳᠪᠦᠷᠢ ᠳᠤ ᠣᠷᠣᠭᠤᠯᠵᠤ ᠪᠣᠳᠠᠲᠠᠶᠢᠵᠢᠭᠤᠯᠤᠨ ᠡᠳ᠋ᠰᠢᠭᠦᠯᠪᠡ᠃ | | | | | ᠡᠨᠡ ᠵᠢᠯ ᠠᠴᠠ ᠨᠠᠰᠢ᠂ ᠶᠡᠷᠦᠩᠬᠡᠢ ᠱᠦᠵᠢ ᠱᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ | ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠢᠳᠠᠪᠤᠷᠢᠵᠢᠭᠤᠯᠵᠤ᠂ ᠠᠮᠤ ᠪᠤᠳᠠᠭ᠎ᠠ ᠵᠡᠷᠭᠡ ᠴᠢᠬᠤᠯᠠ ᠡᠨᠧᠷᠭᠢ ᠶᠢᠨ ᠡᠬᠢ | ᠪᠠᠶᠠᠯᠢᠭ ᠢ ᠭᠠᠳᠠᠭᠠᠳᠤ ᠠᠴᠠ ᠣᠷᠣᠭᠤᠯᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠣᠷᠣᠰ ᠤᠨ | ᠮᠠᠭᠠᠯᠢᠩᠭᠤ ᠶᠢᠨ ᠦᠷ᠎ᠡ ᠶᠢ ᠵᠠᠬ᠎ᠠ ᠶᠢᠨ ᠠᠷᠠᠯᠵᠢᠶᠠᠨ ᠤ ᠠᠷᠭ᠎ᠠ ᠵᠠᠮ ᠢᠶᠠᠷ ᠪᠣᠭᠤᠮᠲᠠ ᠪᠠᠷ ᠲᠦᠷᠭᠡᠨ ᠥᠩᠭᠡᠷᠡᠵᠦ | ᠤᠯᠤᠰ ᠤᠨ ᠳᠣᠲᠣᠭᠠᠳᠤ ᠳᠤ ᠣᠷᠣᠭᠤᠯᠬᠤ ᠶᠢ ᠪᠠᠲᠤᠯᠠᠵᠤ᠂ ᠡᠷᠢᠶᠡᠨ ᠪᠣᠭᠤᠮᠲᠠ ᠵᠠᠬ᠎ᠠ ᠶᠢᠨ ᠠᠷᠠᠯᠵᠢᠶᠠᠨ ᠤ ᠠᠷᠭ᠎ᠠ | ᠵᠠᠮ ᠢᠶᠠᠷ ᠭᠠᠳᠠᠭᠠᠳᠤ ᠠᠴᠠ ᠣᠷᠣᠭᠤᠯᠬᠤ ᠠᠮᠤ ᠪᠤᠳᠠᠭᠠᠨ ᠤ ᠲᠠᠯᠠᠪᠠᠢ ᠶᠢ ᠰᠢᠯᠵᠢᠬᠦᠯᠬᠦ ᠶᠢ ᠢᠳᠡᠪᠬᠢᠲᠡᠢ ᠠᠬᠢᠭᠤᠯᠵᠤ᠂ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠣᠷᠣᠨ ᠳᠤ ᠭᠠᠳᠠᠭᠠᠳᠤ ᠠᠴᠠ ᠣᠷᠣᠭᠤᠯᠬᠤ ᠠᠮᠤ ᠪᠤᠳᠠᠭᠠᠨ ᠤ | ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠥᠬᠡᠢ ᠪᠣᠯᠬᠤ ︽ᠪᠣᠭᠤᠮᠲᠠ︾ ᠶᠢᠨ ᠠᠰᠠᠭᠤᠳᠠᠯ ᠢ | ᠰᠢᠢᠳᠪᠣᠷᠢᠯᠡᠪᠡ᠃ ᠡᠳ᠋ᠰᠢᠭᠦᠯᠦᠭᠰᠡᠨ ᠲᠠᠷᠢᠶᠠᠯᠠᠩ ᠤᠨ ᠪᠦᠲᠦᠭᠡᠭᠳᠡᠬᠦᠨ ᠳᠤ ︽ᠨᠠᠶᠢᠳᠠᠵᠤ ᠭᠤᠶᠤᠴᠢᠯᠠᠨ | ᠮᠡᠳᠡᠭᠦᠯᠬᠦ︾᠂ ︽ᠰᠢᠭᠤᠳ ᠲᠡᠭᠡᠭᠡᠪᠦᠷᠢᠯᠡᠨ ᠬᠦᠷᠭᠡᠬᠦ︾᠂ ︽ᠲᠤᠬᠠᠶ ᠶᠢᠨ ᠲᠠᠯᠠᠪᠤᠷ ᠲᠤ ᠬᠦᠷᠴᠦ ᠪᠠᠶᠢᠴᠠᠭᠠᠨ | ᠰᠢᠯᠭᠠᠬᠤ︾ ᠵᠡᠷᠭᠡ ᠪᠣᠭᠤᠮᠲᠠ ᠪᠠᠷ ᠥᠩᠭᠡᠷᠡᠬᠦ ᠲᠥᠬᠦᠮ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠠᠳᠠᠭᠠᠳᠤ ᠠᠴᠠ | ᠣᠷᠣᠭᠤᠯᠤᠭᠰᠠᠨ ᠮᠠᠭᠠᠯᠢᠩᠭᠤ ᠶᠢᠨ ᠦᠷ᠎ᠡ ᠶᠢᠨ ︽ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ | ᠪᠣᠳᠠᠲᠠᠶᠢᠵᠢᠭᠤᠯᠤᠨ ᠡᠳ᠋ᠰᠢᠭᠦᠯᠬᠦ︾ ᠵᠠᠭᠪᠤᠷ ᠢ ᠠᠬᠢᠭᠤᠯᠤᠨ᠂ ᠬᠢᠯᠢ ᠶᠢᠨ ᠠᠷᠠᠳ ᠢ ᠬᠥᠲᠥᠯᠥᠨ ᠵᠢᠯᠣᠭᠤᠳᠴᠤ | ᠪᠠᠶᠢᠭᠠᠳ ᠬᠢᠯᠢ ᠶᠢᠨ ᠠᠷᠠᠳ ᠯᠤᠭ᠎ᠠ ᠬᠠᠷᠢᠯᠴᠠᠨ ᠬᠠᠪᠰᠤᠷᠤᠯᠴᠠᠬᠤ᠂ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠠᠮᠤ | ᠪᠤᠳᠠᠭ᠎ᠠ ᠡᠳ᠋ᠰᠢᠭᠦᠯᠬᠦ ᠠᠵᠤ ᠠᠬᠤᠶᠢᠯᠠᠯ ᠯᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠠᠷᠢᠴᠠᠭ᠎ᠠ ᠪᠠᠶᠢᠭᠤᠯᠵᠤ᠂ | ᠬᠥᠮᠦᠨ ᠪᠦᠷᠢ ᠡᠳᠦᠷ ᠲᠤ 8000 ᠲᠥᠭᠦᠷᠢᠭ ᠤᠨ ᠭᠠᠶᠢᠯᠢ ᠠᠴᠠ ᠬᠡᠯᠲᠦᠷᠢᠭᠦᠯᠬᠦ ᠲᠤᠭ᠎ᠠ ᠬᠡᠮᠵᠢᠶ᠎ᠡ ᠶᠢ ᠭᠦᠢᠴᠡᠳ | ᠬᠡᠷᠡᠭᠯᠡᠭᠦᠯᠵᠦ᠂ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ ᠶᠢ ᠪᠣᠳᠠᠲᠠᠶᠢᠵᠢᠭᠤᠯᠤᠨ ᠡᠳ᠋ᠰᠢᠭᠦᠯᠬᠦ ᠶᠢ | ᠠᠬᠢᠭᠤᠯᠤᠨ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠨ᠎ᠠ᠃ | | | | | ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠳᠥᠷᠪᠡᠨ ᠰᠠᠯᠠᠭᠠᠨ ᠤ | ᠪᠣᠭᠤᠮᠲᠠ ᠶᠢᠨ ᠭᠡᠰᠢᠭᠦᠨ ᠸᠠᠩ ᠢᠦᠶ ᠷᠦ᠄ ︽ᠣᠲᠣ ᠪᠣᠯᠲᠠᠯ᠎ᠠ᠂ ᠪᠢᠳᠡ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ᠂ ᠵᠢᠯᠣᠭᠤᠳᠬᠤ ᠭᠠᠷ ᠳᠡᠪᠲᠡᠷ ᠢ ᠳᠠᠷᠤᠮᠠᠯᠯᠠᠨ ᠦᠢᠯᠡᠳᠬᠦ᠂ ᠲᠤᠬᠠᠶ ᠶᠢᠨ ᠲᠠᠯᠠᠪᠤᠷ ᠲᠤ ᠠᠵᠢᠯᠯᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠯᠢ ᠶᠢᠨ ᠠᠷᠠᠳ ᠤᠨ ᠵᠣᠬᠢᠶᠠᠨ ᠪᠠᠶᠢᠭᠤᠯᠤᠯᠲᠠ᠂ ᠪᠣᠳᠠᠲᠠᠶ | ᠭᠠᠵᠠᠷ ᠲᠤᠨᠢ ᠡᠳ᠋ᠰᠢᠭᠦᠯᠬᠦ ᠠᠵᠤ ᠠᠬᠤᠶᠢᠯᠠᠯ ᠤᠨ ᠬᠦᠴᠢᠷ ᠲᠦᠪᠡᠭᠲᠡᠶ ᠠᠰᠠᠭᠤᠳᠠᠯ ᠢ 10 ᠰᠢᠢᠳᠪᠦᠷᠢᠯᠡᠪᠡ᠃ | ᠵᠠᠯᠭᠠᠭᠠᠳ ᠪᠢᠳᠡ ᠨᠥᠬᠦᠴᠡᠯ ᠳᠠᠭᠠᠯᠳᠤᠭᠤᠯᠤᠨ ᠳᠥᠭᠦᠮᠴᠢᠯᠡᠬᠦ ᠠᠷᠭ᠎ᠠ ᠬᠡᠮᠵᠢᠶ᠎ᠡ ᠶᠢ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠲᠤ ᠭᠠᠷᠭᠠᠬᠤ ᠠᠷᠭ᠎ᠠ ᠵᠠᠮ ᠤᠨ ᠬᠡᠷᠡᠭᠯᠡᠯᠲᠡ ᠶᠢ ᠢᠳᠡᠪᠬᠢᠲᠡᠶ ᠰᠠᠨᠠᠭᠤᠯᠵᠤ᠂ ᠬᠠᠷᠢᠯᠴᠠᠨ ᠮᠠᠶᠢᠮᠠᠶᠢᠯᠠᠬᠤ | ᠵᠠᠬ᠎ᠠ ᠳᠡᠯᠭᠡᠭᠦᠷ ᠤᠨ ᠠᠷᠠᠯᠵᠢᠶᠠᠨ ᠤ ᠠᠷᠭ᠎ᠠ ᠵᠠᠮ ᠤᠨ ᠭᠠᠳᠠᠭᠠᠳᠤ ᠠᠴᠠ ᠣᠷᠣᠭᠤᠯᠬᠤ ᠠᠮᠤ ᠪᠤᠳᠠᠭᠠᠨ ᠤ | ᠬᠥᠭᠵᠢᠯᠲᠡ ᠶᠢᠨ ᠳᠠᠯᠳᠠ ᠬᠦᠴᠦᠨ ᠢ ᠦᠷᠭᠦᠯᠵᠢᠯᠡᠨ ᠬᠥᠭᠵᠢᠭᠡᠨ᠎ᠡ︾ ᠭᠡᠵᠦ ᠬᠡᠯᠡᠪᠡ᠃ | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ | ᠪᠣᠭᠤᠮᠲᠠ ᠶᠢᠨ ᠬᠢᠨᠠᠨ ᠬᠠᠮᠢᠶᠠᠷᠬᠤ ᠵᠠᠬ᠎ᠠ ᠶᠢᠨ ᠠᠷᠠᠯᠵᠢᠶᠠᠨ ᠤ ᠠᠷᠭ᠎ᠠ ᠵᠠᠮ ᠢᠶᠠᠷ ᠭᠠᠳᠠᠭᠠᠳᠤ ᠠᠴᠠ ᠣᠷᠣᠭᠤᠯᠤᠭᠰᠠᠨ | ᠣᠷᠣᠰ ᠤᠨ ᠮᠠᠭᠠᠯᠢᠩᠭᠤ ᠶᠢᠨ ᠦᠷ᠎ᠡ 45 ᠪᠦᠯᠦᠭ ᠤᠳᠠᠭ᠎ᠠ᠂ ᠪᠠᠷᠠᠭᠠᠨ ᠤ ᠬᠦᠨᠳᠦ ᠨᠢ 1165.8 ᠲᠣᠨ᠂ | ᠲᠠᠸᠠᠷ ᠤᠨ ᠥᠷᠲᠡᠭ ᠨᠢ 410.76 ᠲᠦᠮᠡᠨ ᠲᠥᠭᠦᠷᠢᠭ ᠪᠣᠯᠬᠤ ᠪᠥᠭᠡᠳ ᠲᠣᠰ ᠲᠣᠰ 2023 ᠣᠨ ᠤ ᠪᠥᠬᠦ | ᠵᠢᠯ ᠤᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ᠂ ᠪᠠᠷᠠᠭᠠᠨ ᠤ ᠥᠷᠲᠡᠭ ᠤᠨ 1.83 ᠳᠠᠬᠢᠨ ᠪᠠ 2 ᠳᠠᠬᠢᠨ | ᠪᠣᠯᠤᠨ᠎ᠠ᠃ |