ᠡᠷᠢᠶᠡᠨ ᠬᠤᠳᠠ ᠶᠢᠨ 500 ᠭᠠᠷᠤᠶ ᠠᠵᠤ ᠠᠬᠤᠶᠢᠯᠠᠯ ᠴᠢᠬᠢ ᠮᠣᠳᠣ ᠪᠤᠶᠢᠵᠢᠭᠤᠯᠵᠤ ᠡᠷᠢᠶᠡᠨ ᠪᠣᠭᠤᠮᠲᠠ ᠪᠠᠷ ᠮᠣᠩᠭᠤᠯ ᠤᠯᠤᠰ ᠲᠤ ᠭᠠᠷᠭᠠᠪᠠ
ᠨᠡᠶᠢᠲᠡᠯᠡᠭᠰᠡᠨ ᠴᠠᠭ᠄
2024/4/18
   500 ᠭᠠᠷᠤᠢ ᠰᠠᠭᠤᠷᠢ ᠠᠯᠲᠠᠨ ᠨᠠᠪᠴᠢᠲᠤ ᠬᠠᠶᠢᠯᠠᠰᠤ᠂ ᠡᠮᠡᠭᠡᠯ᠂ ᠬᠤᠸᠠ ᠴᠢᠦ ᠮᠣᠳᠣ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠳᠤ ᠵᠥᠭᠡᠭᠡᠪᠦᠷᠢᠯᠡᠨ ᠠᠪᠠᠴᠢᠪᠠ᠃    ᠣᠶᠢᠯᠠᠭᠠᠭᠰᠠᠨ ᠢᠶᠠᠷ᠂ ᠡᠨᠡ ᠪᠣᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠶᠢᠨ ᠭᠠᠳᠠᠭᠠᠳᠤ ᠳᠤ ᠭᠠᠷᠭᠠᠬᠤ ᠠᠩᠬᠠᠳᠠᠭᠴᠢ ᠪᠦᠯᠦᠭ ᠲᠣᠰ ᠭᠠᠵᠠᠷ ᠤᠨ ᠦᠷ᠎ᠡ ᠴᠢᠬᠢ ᠪᠣᠯᠤᠨ᠎ᠠ᠃ ᠲᠣᠰ ᠪᠦᠯᠦᠭ ᠴᠢᠬᠢ ᠮᠣᠳᠣ ᠨᠢ ᠠᠭᠤᠷ ᠠᠮᠢᠰᠬᠤᠯ ᠪᠠ ᠬᠥᠷᠥᠰᠥ ᠰᠢᠷᠣᠶ ᠳᠤ ᠵᠣᠬᠢᠴᠠᠬᠤ ᠴᠢᠨᠠᠷ ᠢᠶᠠᠷ ᠴᠢᠩᠭ᠎ᠠ᠂ ᠭᠠᠩ ᠬᠠᠭᠤᠷᠠᠶ᠂ ᠲᠠᠴᠢᠷᠯᠢᠭ ᠪᠠ ᠬᠠᠬᠢᠷ ᠬᠦᠢᠲᠡᠨ ᠳᠤ ᠲᠡᠰᠪᠦᠷᠢᠲᠡᠶ ᠪᠠᠶᠢᠵᠤ᠂ ᠬᠦᠴᠢᠯᠯᠢᠭ ᠴᠢᠨᠠᠷ᠂ ᠴᠣᠬᠤᠶ ᠶᠢᠨ ᠴᠢᠨᠠᠷ ᠢᠶᠠᠷ ᠴᠥᠮ ᠥᠰᠴᠦ ᠤᠷᠭᠤᠬᠤ ᠨᠢ ᠮᠣᠩᠭᠤᠯ ᠤᠯᠤᠰ ᠲᠤ ᠳᠠᠷᠢᠬᠤ ᠳᠤ ᠲᠦᠢᠯ ᠤᠨ ᠲᠣᠬᠢᠷᠠᠮᠵᠢᠲᠠᠶ ᠶᠤᠮ᠃    ᠥᠪᠥᠷ ᠮᠣᠩᠭᠤᠯ ᠤᠨ ᠯᠢ ᠰᠢᠨ ᠶᠤᠸᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯ ᠡᠷᠢᠶᠡᠨ ᠬᠤᠲᠠ ᠶᠢᠨ ᠨᠤᠲᠤᠭ ᠤᠨ ᠴᠢᠬᠢ ᠮᠣᠳᠣᠨ ᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠪᠣᠯᠤᠨ᠎ᠠ᠂ ᠲᠣᠰ ᠤᠳᠠᠭᠠᠨ ᠤ ᠭᠠᠳᠠᠭᠠᠳᠤ ᠳᠤ ᠭᠠᠷᠭᠠᠬᠤ ᠠᠵᠢᠯ ᠨᠢ ᠮᠥᠨ ᠴᠦ ᠲᠣᠰ ᠭᠠᠵᠠᠷ ᠤᠨ ᠦᠷ᠎ᠡ ᠴᠢᠬᠢ ᠶᠢᠨ ᠠᠵᠤ ᠠᠬᠤᠶᠢᠯᠠᠯ ᠢ ᠪᠤᠶᠢᠵᠢᠭᠤᠯᠬᠤ ᠠᠴᠠ ᠭᠠᠳᠠᠭᠠᠳᠤ ᠳᠤ ᠭᠠᠷᠭᠠᠬᠤ ᠬᠦᠷᠲᠡᠯᠡᠬᠢ ᠠᠩᠬ᠎ᠠ ᠤᠳᠠᠭᠠᠨ ᠤ ᠠᠮᠵᠢᠯᠲᠠ ᠲᠠᠢ ᠦᠢᠯᠡᠳᠦᠯᠭᠡ ᠪᠣᠯᠤᠨ᠎ᠠ᠃    ᠲᠣᠰ ᠺᠣᠮᠫᠠᠨᠢ ᠶᠢᠨ ᠬᠠᠷᠢᠭᠤᠴᠠᠯᠭᠠᠲᠠᠨ ᠳ᠋ᠢᠩ ᠵᠢᠶᠠᠨ ᠭᠦᠸᠧ᠄ ︽ᠡᠨᠡ ᠤᠳᠠᠭᠠᠨ ᠤ ᠭᠠᠳᠠᠭᠠᠳᠤ ᠭᠠᠷᠭᠠᠯᠲᠠ ᠨᠢ ᠠᠵᠤ ᠠᠬᠤᠶᠢᠯᠠᠯ ᠳᠤ ᠠᠪᠴᠤ ᠬᠡᠯᠡᠪᠡᠯ ᠨᠢᠭᠡᠨ ᠰᠠᠶᠢᠨ ᠴᠢᠮᠡᠭᠡ ᠪᠣᠯᠤᠨ᠎ᠠ᠃ ᠡᠷᠢᠶᠡᠨ ᠪᠣᠭᠤᠮᠲᠠ ᠣᠯᠠᠨ ᠣᠳᠠᠭᠠᠨ ᠤ ᠲᠥᠷᠥ ᠶᠢᠨ ᠪᠣᠳᠣᠯᠭ᠎ᠠ ᠶᠢᠨ ᠬᠠᠪᠰᠤᠷᠤᠯᠭ᠎ᠠ ᠦᠵᠡᠭᠦᠯᠵᠦ᠂ ᠪᠢᠳᠡᠨ ᠢ ᠵᠢᠯᠣᠭᠤᠳᠴᠤ ᠪᠠᠶᠢᠭᠠᠳ ᠲᠤᠬᠠᠢ ᠶᠢᠨ ᠲᠠᠯᠠᠪᠠᠢ ᠳᠤ ᠣᠴᠢᠵᠤ ᠰᠢᠯᠭᠠᠨ ᠠᠪᠤᠭᠤᠯᠬᠤ᠂ ᠡᠬᠢᠨ ᠠᠴᠠ ᠨᠢ ᠠᠳᠠᠭ ᠲᠤ ᠨᠢ ᠬᠦᠷᠲᠡᠯ᠎ᠡ ᠨᠢᠭᠡ ᠬᠡᠯᠬᠢᠶ᠎ᠡ ᠠᠵᠤ ᠠᠬᠤᠶᠢᠯᠠᠯ ᠢ ᠬᠠᠪᠰᠤᠷᠴᠤ ᠦᠷ᠎ᠡ ᠴᠢᠬᠢ ᠭᠠᠷᠭᠠᠬᠤ ᠬᠢᠷᠢ ᠭᠡᠮ ᠢ ᠣᠯᠭᠤᠵᠠᠢ᠃ ᠳᠠᠷᠠᠭᠠᠴᠢ ᠶᠢᠨ ᠠᠯᠬᠤᠮ ᠳᠤ᠂ ᠪᠢᠳᠡ ᠭᠠᠳᠠᠭᠠᠳᠤ ᠳᠤ ᠭᠠᠷᠭᠠᠬᠤ ᠵᠠᠬ᠎ᠠ ᠳᠡᠯᠭᠡᠭᠦᠷ ᠢ ᠨᠡᠪᠲᠡᠷᠡᠭᠦᠯᠬᠦ ᠳᠤ ᠢᠲᠡᠭᠡᠯ ᠳᠦᠭᠦᠷᠡᠩ ᠪᠠᠶᠢᠨ᠎ᠠ︾ ᠭᠡᠵᠦ ᠬᠡᠯᠡᠪᠡ᠃    ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠵᠢᠷᠭᠤᠭᠠᠨ ᠶᠠᠮᠤᠨ ᠵᠥᠪᠯᠡᠯ ᠠᠴᠠ ︽ᠥᠪᠥᠷ ᠮᠣᠩᠭᠤᠯ ᠤᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ︽ᠡᠷᠢᠶᠡᠨ ᠬᠤᠲᠠ ᠬᠢᠭᠡᠳ ᠮᠣᠩᠭᠤᠯ ᠤᠯᠤᠰ ᠤᠨ ᠵᠠᠮ ᠤᠨ ᠡᠭᠦᠳᠡ ᠮᠣᠳᠣ ᠳᠠᠷᠢᠬᠤ ᠲᠥᠯᠥᠪᠯᠡᠭᠡ ᠶᠢᠨ ᠲᠣᠭᠤᠷᠢᠨ ᠳᠤ ᠦᠷ᠎ᠡ ᠪᠦᠲᠦᠮᠵᠢ ᠤᠯᠬᠤ ᠶᠢ ᠳᠡᠮᠵᠢᠬᠦ ᠶᠢᠨ ᠳᠣᠯᠠᠳᠠ᠂ ᠡᠷᠢᠶᠡᠨ ᠪᠣᠭᠤᠮᠲᠠ ᠰᠠᠨᠠᠭᠠᠴᠢᠯᠠᠭ᠎ᠠ ᠠᠴᠠ ᠪᠠᠨ ᠬᠦᠴᠦᠯᠡᠵᠦ᠂ ᠢᠳᠡᠪᠬᠢᠲᠡᠶ ᠪᠠᠷ ᠠᠵᠢᠯᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠤᠳᠠᠭ᠎ᠠ ᠦᠷ᠎ᠡ ᠴᠢᠬᠢ ᠶᠢᠨ ᠰᠠᠭᠤᠷᠢᠨ ᠭᠠᠵᠠᠷ ᠲᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠢ ᠵᠢᠯᠣᠭᠤᠳᠤᠨ ᠳᠠᠷᠢᠭᠰᠠᠨ ᠪᠠᠶᠢᠨ᠎ᠠ᠃    ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠶᠧ ᠭᠠᠩ᠄ ︽ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠬᠠᠮᠤᠭ ᠤᠨ ᠲᠣᠮᠣ ᠬᠠᠭᠤᠷᠠᠶ ᠵᠠᠮ ᠤᠨ ᠪᠣᠭᠤᠮᠲᠠ ᠮᠥᠨ᠂ ᠪᠠᠰᠠ ᠴᠤ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠬᠥᠭᠦᠷᠭᠡ ᠶᠢᠨ ᠳᠤᠮᠳᠠ ᠨᠡᠪᠲᠡᠷᠡᠬᠦ ᠵᠠᠮ ᠪᠠ ︿ᠬᠥᠭᠦᠷᠭᠡ﹀ ᠪᠣᠯᠬᠤ ᠲᠤᠯᠠ᠂ ᠡᠷᠢᠶᠡᠨ ᠪᠣᠭᠤᠮᠲᠠ ᠶᠢᠨ ᠬᠢᠨ ᠡᠨᠡ ᠬᠦ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠣᠩᠭᠤᠯ ᠤᠯᠤᠰ ᠲᠠᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠬᠢ ᠨᠥᠬᠦᠷᠰᠡᠭ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠳᠤᠮᠳᠠᠳᠤ ᠮᠣᠩᠭᠤᠯ ᠤᠨ ᠠᠮᠢ ᠠᠬᠤᠶ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠣᠷᠣᠨ ︵ᠡᠷᠢᠶᠡᠨ ᠬᠤᠲᠠ - ᠵᠠᠮ ᠤᠨ ᠡᠭᠦᠳᠡ︶ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠶᠠᠷ ᠤᠯᠤᠰ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号