ᠬᠤᠳᠠ ᠶᠢᠨ ᠵᠠᠰᠠᠭ ᠤᠨ ᠣᠷᠳᠣᠨ 2024 ᠣᠨ ᠤ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
    4 ᠰᠠᠷ᠎ᠠ ᠶᠢᠨ 17 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ 2024 ᠣᠨ ᠤ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ᠃      ᠬᠤᠷᠠᠯ ᠠᠴᠠ ︽ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠡᠷᠢᠶᠡᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠥᠰᠦᠯ︾ ︔ ᠢᠯᠴᠢ ᠬᠠᠩᠭᠠᠬᠤ ᠨᠥᠬᠦᠪᠥᠷᠢ ᠶᠢᠨ ᠲᠥᠯᠥᠪᠯᠡᠭᠡ︔ ︽ᠡᠷᠢᠶᠡᠨ ᠬᠤᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠥᠯ︾︔ ᠪᠡᠭᠡᠵᠢᠩ —ᠡᠷᠢᠶᠡᠨ ᠬᠤᠲᠠ ᠶᠢᠨ ᠵᠣᠨ ᠨᠠᠮᠣᠷ ᠤᠨ ᠠᠭᠠᠷ ᠤᠨ ᠱᠤᠭᠤᠮ ᠳᠤ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠡᠷᠢᠶᠡᠨ ᠬᠤᠳᠠ ᠶᠢᠨ ᠬᠡᠰᠡᠭ ᠣᠷᠣᠨ ᠤ ᠮᠡᠳᠡᠭᠦᠯᠬᠦ ᠠᠵᠢᠯ ᠳᠤ ᠢᠳᠡᠪᠬᠢᠲᠡᠢ ᠣᠷᠣᠯᠴᠠᠵᠤ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠵᠦ᠂ ᠬᠠᠨᠳᠤᠯᠭᠠᠲᠤ ᠴᠢᠨᠠᠷᠲᠠᠢ ᠠᠵᠢᠯ ᠤᠨ ᠠᠷᠭ᠎ᠠ ᠬᠡᠮᠵᠢᠶ᠎ᠡ ᠠᠪᠴᠤ᠂ ᠭᠤᠶᠤᠴᠢᠯᠠᠨ ᠮᠡᠳᠡᠭᠦᠯᠬᠦ ᠠᠵᠢᠯ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠪᠠᠷ ᠵᠣᠬᠢᠴᠠᠭᠤᠯᠵᠤ᠂ ᠨᠢᠭᠲᠠ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠬᠤᠲᠠ ᠶᠢᠨ ᠢᠯᠴᠢ ᠬᠠᠩᠭᠠᠬᠤ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠂ ᠢᠯᠴᠢ ᠬᠠᠩᠭᠠᠬᠤ ᠨᠢᠭᠡᠴᠡ ᠨᠦᠭᠦᠳ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠪᠠᠷ ᠡᠭᠦᠷᠭᠡᠯᠡᠵᠦ᠂ ᠢᠯᠴᠢ ᠬᠠᠩᠭᠠᠬᠤ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠳᠤ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ᠥᠨᠳᠥᠷ ᠪᠦᠲᠦᠮᠵᠢᠲᠡᠶ ᠬᠠᠮᠵᠢᠯᠴᠠᠬᠤ ᠲᠣᠭᠲᠠᠴᠠ ᠶᠢ ᠪᠦᠷᠢᠯᠳᠦᠭᠦᠯᠵᠦ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠵᠣᠬᠢᠴᠠᠭᠤᠯᠬᠤ᠂ ᠠᠬᠢᠭᠤᠯᠬᠤ᠂ ᠱᠠᠯᠠᠪᠳᠠᠭᠤᠯᠬᠤ ᠦᠢᠯᠡᠳᠦᠯ ᠢ ᠪᠠᠳᠠᠷᠠᠭᠤᠯᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠦᠷᠦ ᠶᠢᠨ ᠪᠤᠳᠤᠯᠭ᠎ᠠ ᠶᠢᠨ  ᠳᠠᠪᠠᠭᠤᠯᠢᠭ ᠢ ᠡᠵᠡᠮᠳᠡᠵᠦ᠂ ᠮᠠᠨ ᠤ ᠬᠤᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号