ᠡᠷᠢᠶᠡᠨ ᠬᠤᠲᠠ ᠶᠢᠨ 2024 ᠣᠨ ᠤ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠥᠨᠥᠳᠥᠷ ᠵᠢᠩᠬᠢᠨᠢ ᠪᠠᠷ ᠡᠬᠢᠯᠡᠨ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/4/19
  ᠤᠷᠢᠬᠠᠨ ᠬᠠᠪᠤᠷ ᠡᠬᠡ ᠭᠠᠵᠠᠷ ᠢ ᠳᠤᠯᠠᠭᠠᠷᠠᠭᠤᠯᠵᠤ᠂ ᠲᠦᠮᠡᠨ ᠪᠣᠳᠠᠰ ᠥᠷᠢᠰᠥᠯᠳᠦᠨ᠎ᠡ᠃ 4 ᠰᠠᠷ᠎ᠠ ᠶᠢᠨ 18 ᠤ ᠦᠳᠡ ᠶᠢᠨ ᠡᠮᠦᠨ᠎ᠡ᠂ ᠮᠠᠨ ᠤ ᠬᠤᠲᠠ ᠮᠧᠩ ᠨᠧᠩ 150 ᠲᠦᠮᠡᠨ ᠺᠢᠯᠣᠸᠠᠲ ᠤᠨ ᠰᠠᠯᠬᠢ ᠨᠥᠭᠡᠴᠡᠯᠡᠬᠦ ᠲᠥᠷᠥᠯ ᠵᠦᠢᠯ ᠤᠨ ᠠᠵᠢᠯ ᠡᠬᠢᠯᠡᠭᠦᠯᠬᠦ ᠲᠤᠬᠠᠶ ᠶᠢᠨ ᠲᠠᠯᠠᠪᠠᠶ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠬᠦ ᠪᠠ ᠰᠡᠷᠭᠦᠭᠡᠬᠦ ᠶᠣᠰᠣᠯᠠᠯ ᠶᠠᠪᠤᠭᠤᠯᠪᠠ᠃
  ᠡᠨᠡ ᠵᠢᠯ ᠮᠠᠨ ᠤ ᠬᠤᠲᠠ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 89 ᠲᠣᠬᠢᠷᠠᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 193.2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 42 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ 56᠂ ᠦᠷᠭᠦᠯᠵᠢᠯᠡᠨ ᠪᠠᠶᠢᠭᠤᠯᠤᠭᠰᠠᠨ ᠲᠥᠷᠥᠯ ᠵᠦᠢᠯ 33 ᠪᠠᠶᠢᠨ᠎ᠠ᠃
   ᠲᠤᠬᠠᠶ ᠶᠢᠨ ᠡᠳᠦᠷ ᠲᠤ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠭᠰᠡᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠭᠠᠵᠠᠷ ᠨᠡᠭᠦᠯᠭᠡᠵᠦ ᠰᠢᠨ᠎ᠡ ᠪᠠᠷ ᠪᠠᠶᠢᠭᠤᠯᠬᠤ᠂ ᠢᠯᠴᠢ ᠴᠠᠬᠢᠯᠭᠠᠨ ᠬᠤᠯᠪᠣᠭᠠᠯᠠᠨ ᠦᠶ᠋ᠯᠡᠳᠪᠦᠷᠢᠯᠡᠵᠦ ᠲᠥᠪᠯᠡᠷᠡᠭᠦᠯᠦᠨ ᠢᠯᠴᠢ ᠬᠠᠩᠭᠠᠬᠤ᠂ ᠯᠦᠩ ᠶᠤᠸᠠᠨ ᠵᠣᠴᠢᠳ ᠤᠨ ᠪᠠᠭᠤᠳᠠᠯ᠂ ᠵᠢᠤᠢ ᠶᠤᠸᠠᠨ 200 ᠲᠦᠮᠡᠨ ᠲᠣᠨ ᠬᠢᠮᠡᠯ ᠬᠡᠰᠡᠭᠲᠦ ᠠᠭᠤᠷᠬᠠᠶ᠂ ᠮᠧᠩ ᠨᠧᠩ 150 ᠲᠦᠮᠡᠨ ᠺᠢᠯᠣᠸᠠᠲ ᠤᠨ ᠰᠠᠯᠬᠢ ᠬᠠᠳᠠᠭᠠᠯᠠᠬᠤ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ 37 ᠲᠥᠷᠥᠯ ᠵᠦᠶ᠋ᠯ ᠨᠢ ᠴᠢᠬᠤᠯᠠ ᠶᠡᠭᠡ ᠠᠵᠤ ᠦᠶ᠋ᠯᠡᠰ᠂ ᠠᠷᠠᠳ ᠤᠨ ᠠᠮᠢᠳᠤᠷᠠᠯ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠵᠡᠷᠭᠡ ᠣᠯᠠᠨ ᠬᠦᠷᠢᠶ᠎ᠡ ᠶᠢ ᠬᠠᠮᠤᠷᠴᠠᠶ᠃ ᠡᠲᠡᠭᠡᠷ ᠲᠥᠷᠥᠯ ᠵᠦᠢᠯ ᠢ ᠡᠬᠢᠯᠡᠭᠦᠯᠦᠭᠰᠡᠨ ᠨᠢ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠨᠠᠩ ᠬᠦᠴᠦᠲᠡᠶ ᠲᠤᠯᠭᠠᠭᠤᠷᠢᠯᠠᠯ ᠬᠠᠩᠭᠠᠵᠤ᠂ ᠨᠠᠩ ᠬᠦᠴᠦᠷᠬᠡᠭ ᠶᠡᠭᠡ ᠳᠠᠯᠳᠠ ᠬᠦᠴᠦᠨ ᠢ ᠬᠤᠷᠠᠮᠳᠤᠭᠤᠯᠬᠤ ᠨᠢ ᠯᠠᠪᠲᠠᠶ ᠶᠤᠮ᠃    ᠣᠶᠢᠯᠠᠭᠠᠭᠰᠠᠨ ᠢᠶᠠᠷ᠂ 2024 ᠣᠨ ᠳᠤ ᠮᠠᠨ ᠤ ᠬᠤᠲᠠ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠬᠡᠷᠡᠭᠵᠢᠭᠦᠯᠬᠦ ᠲᠥᠯᠥᠪᠯᠡᠭᠡ ᠶᠢᠨ ᠲᠥᠷᠥᠯ ᠵᠦᠢᠯ ᠳᠤ 12 ᠲᠥᠷᠥᠯ ᠵᠦᠢᠯ ᠵᠢᠭᠰᠠᠭᠠᠭᠳᠠᠵᠤ᠂ ᠶᠡᠷᠦᠩᠬᠡᠶ ᠪᠠᠯᠠ ᠣᠷᠣᠭᠤᠯᠤᠯᠲᠠ ᠨᠢ 88.8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 34.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ ᠠᠶᠢᠮᠠᠭ ᠤᠨ ᠲᠠᠰ ᠤᠨ 12 ᠭᠤᠤᠯᠳᠠᠯᠭ᠎ᠠ ᠲᠠᠢ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 100% ᠳᠤ ᠬᠦᠷᠴᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号