【 ᠦᠨᠡᠨᠴᠢ ᠢᠲᠡᠭᠡᠮᠵᠢᠲᠡᠢ ᠳᠦᠷᠢ ᠲᠥᠷᠬᠦ ᠪᠠᠨ ᠱᠤᠭᠤᠵᠤ ᠪᠣᠳᠠᠲᠠᠢ ᠠᠵᠢᠯᠯᠠᠨ ᠰᠢᠨ᠎ᠡ ᠪᠠᠶᠢᠳᠠᠯ ᠢ ᠪᠤᠢ ᠪᠣᠯᠭᠠᠪᠠ 】 ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠥᠷᠪᠡᠳᠦᠭᠡᠷ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/19
      4 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠥᠷᠪᠡᠳᠦᠭᠡᠷ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠴᠧᠩ ᠨᠡᠷ ᠮᠠᠨ ᠤ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃       ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃       ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠢᠴᠡᠳ ᠨᠤᠲᠠᠯᠠᠪᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠯᠡᠨ ᠠᠬᠢᠭᠤᠯᠬᠤ ᠴᠢᠬᠤᠯᠠ ᠶᠡᠭᠡ ᠢᠨᠵᠧᠨᠧᠷᠢᠩ ᠮᠥᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠦᠨ ᠱᠤᠤ ᠴᠧᠩ ᠱᠦᠵᠢ ᠶᠢᠨ 2024 ᠣᠨ ᠤ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠦᠷᠭᠡᠳᠬᠡᠨ ᠰᠠᠶᠢᠲᠤᠷ ᠨᠠᠶᠢᠳᠠᠪᠤᠷᠢᠵᠢᠭᠤᠯᠵᠤ᠂ ︽ᠰᠣᠶᠣᠯ ᠢ ᠬᠥᠮᠦᠵᠢᠭᠦᠯᠬᠦ᠂ ᠶᠣᠰᠣ ᠲᠦᠷᠢᠮ ᠲᠣᠭᠲᠠᠭᠠᠬᠤ᠂ ᠴᠢᠩᠭ᠎ᠠ ᠬᠠᠮᠢᠶᠠᠷᠬᠤ᠂ ᠱᠠᠩᠨᠠᠬᠤ ᠲᠣᠷᠭᠠᠬᠤ᠂ ᠬᠤᠷᠢᠭ᠎ᠠ ᠱᠤᠭᠤᠮ ᠢ ᠪᠠᠲᠤᠯᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ︽ᠲᠣᠭᠲᠠᠭᠰᠠᠨ ᠠᠵᠢᠯᠯᠠᠭ᠎ᠠ︾ ᠶᠢ ᠰᠠᠶᠢᠲᠤᠷ ᠪᠡᠶᠡᠯᠡᠭᠦᠯᠦᠭᠰᠡᠨ ᠤᠷᠢᠲᠠᠯ ᠳᠣᠤᠷ᠎ᠠ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠰᠢᠨ᠎ᠡ ᠶᠢ ᠡᠭᠦᠳᠬᠦ᠂ ᠰᠢᠪᠲᠤᠯᠤᠯᠲᠠ ᠲᠠᠢ᠂ ᠬᠢᠯᠠᠰ ᠴᠡᠭ ᠲᠠᠢ᠂ ᠪᠣᠭᠤᠮᠲᠠ ᠶᠢᠨ ᠣᠨᠴᠠᠯᠢᠭ ᠲᠠᠢ ᠪᠠᠶᠢᠵᠤ᠂ ᠪᠥᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠡᠷᠢᠭᠦᠨ ᠤ ᠲᠤᠷᠰᠢᠯᠭ᠎ᠠ ᠶᠢ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ ᠠᠷᠠᠳ ᠤᠨ ᠰᠢᠭᠦᠬᠦ ᠬᠤᠷᠢᠶ᠎ᠠ᠂ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号