ᠵᠢᠵᠢᠭ ᠤᠰᠤᠨ ᠤ ᠳᠠᠷᠤᠯᠲᠠ︾ ᠨᠢ ︽ᠶᠡᠭᠡ ᠠᠷᠠᠳ ᠤᠨ ᠠᠮᠢᠳᠤᠷᠠᠯ︾ ᠢ ᠲᠠᠲᠠᠵᠤ ᠣᠯᠠᠨ ᠲᠠᠯ᠎ᠠ ᠪᠠᠷ ᠬᠤᠯᠪᠣᠭᠠᠯᠠᠨ ᠬᠦᠴᠢᠷ ᠠᠰᠠᠭᠤᠳᠠᠯ ᠢ ᠰᠢᠢᠳᠪᠣᠷᠢᠯᠡᠪᠡ
ᠨᠡᠶᠢᠲᠡᠯᠡᠭᠰᠡᠨ ᠴᠠᠭ᠄
2024/4/19
   ︽ᠣᠯᠠᠨ ᠲᠦᠮᠡᠨ ᠬᠡᠷᠡᠭᠲᠡᠢ ᠪᠣᠯ ᠮᠠᠨ ᠤ ᠬᠢᠬᠦ ᠴᠢᠬᠤᠯᠠ ᠲᠠᠢ ᠵᠦᠢᠯ ᠮᠥᠨ︾᠃ ᠡᠨᠡ ᠵᠢᠯ ᠠᠴᠠ ᠨᠠᠰᠢ᠂ ᠮᠠᠨ ᠤ ᠬᠤᠲᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠢ ᠠᠷᠠᠳ ᠲᠦᠮᠡᠨ ᠳᠤ ᠦᠢᠯᠡᠴᠢᠯᠡᠬᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠴᠢᠬᠤᠯᠠ ᠭᠠᠷᠳᠠᠴᠠ ᠪᠣᠯᠭᠠᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠪᠠᠷ ᠳᠠᠮᠵᠢᠭᠤᠯᠤᠨ᠂ ᠣᠯᠠᠨ ᠲᠦᠮᠡᠨ ᠤ ᠳᠡᠷᠭᠡᠳᠡᠬᠢ ᠤᠰᠤ ᠬᠡᠷᠡᠭᠯᠡᠬᠦ ᠳᠤ ᠬᠦᠴᠢᠷ᠂ ᠬᠤᠭᠤᠯᠠᠶ ᠡᠪᠳᠡᠷᠡᠭᠰᠡᠨ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠦᠨᠡᠮᠯᠡᠯ ᠠᠪᠬᠤ ᠳᠤ ᠬᠦᠴᠢᠷᠲᠡᠶ ᠵᠡᠷᠭᠡ ᠠᠯᠢ ᠣᠯᠠᠨ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠲᠡᠶ ᠰᠢᠢᠳᠪᠦᠷᠢᠯᠡᠪᠡ᠃       ᠨᠢᠭᠡᠳᠦᠭᠡᠷ ᠳᠠᠪᠬᠤᠷ ᠲᠤ ᠪᠠᠶᠢᠷᠢᠯᠠᠵᠦ ᠪᠠᠢᠭ᠎ᠠ ᠶᠡᠷᠦᠩᠬᠡᠢ ᠤᠰᠤᠨ ᠤ ᠬᠥᠰᠥᠨᠥᠭ ᠮᠠᠰᠢ ᠲᠦᠷᠭᠡᠨ ᠡᠷᠭᠢᠭᠡᠳ᠂ ᠳᠡᠭᠡᠳᠦ ᠳᠠᠪᠬᠤᠷ ᠤᠨ ᠠᠶᠢᠯ ᠤᠨ ᠤᠰᠤᠨ ᠤ ᠤᠷᠤᠰᠬᠠᠯ ᠨᠢ ᠬᠠᠷᠢᠨ ᠪᠠᠭ᠎ᠠ ᠲᠤᠯᠠ ᠭᠠᠷ ᠢᠶᠠᠨ ᠤᠬᠢᠶᠠᠬᠤ ᠳᠤ ᠴᠤ ᠪᠡᠷᠬᠡ ᠪᠣᠯᠪᠠ᠃ ᠡᠮᠦᠨ᠎ᠡ ᠬᠤᠭᠤᠴᠠᠭᠠᠨ ᠳᠤ᠂ ᠵᠢᠩ ᠽᠧ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠬᠡᠰᠡᠭ ᠰᠠᠭᠤᠭᠠᠯᠢ ᠠᠷᠠᠳ ᠤᠨ ᠭᠡᠷ ᠤᠨ ᠤᠰᠤᠨ ᠤ ᠳᠠᠷᠤᠯᠲᠠ ᠬᠡᠲᠦᠷᠬᠡᠢ ᠪᠠᠭ᠎ᠠ ᠪᠠᠶᠢᠵᠤ᠂ ᠠᠷᠭ᠎ᠠ ᠪᠤᠰᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠠᠴᠠ ᠲᠤᠰᠠᠯᠠᠮᠵᠢ ᠭᠤᠶᠤᠴᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠬᠡᠷᠡᠭ ᠢ ᠲᠦᠷᠭᠡᠨ ᠰᠢᠢᠳᠪᠦᠷᠢᠯᠡᠬᠦ ᠶᠢ ᠬᠦᠰᠡᠪᠡ᠃       ᠰᠠᠭᠤᠭᠠᠯᠢ ᠠᠷᠠᠳ ᠤᠨ ᠲᠤᠰᠬᠠᠯ ᠢ ᠣᠯᠤᠭᠰᠠᠨ ᠤ ᠳᠠᠷᠠᠭ᠎ᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ ᠶᠢ ᠲᠡᠷᠡ ᠳᠠᠷᠤᠶ ᠳᠤᠨᠢ ᠠᠵᠢᠯ ᠤᠨ ᠬᠠᠭᠤᠳᠠᠰᠤ ᠶᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠ ᠢ ᠴᠢᠤᠸᠠᠨ ᠤᠰᠤᠨ ᠤ ᠶᠠᠪᠤᠳᠠᠯ ᠤᠨ ᠺᠣᠮᠫᠠᠨᠢ ᠳᠤ ᠰᠢᠯᠵᠢᠭᠦᠯᠦᠨ ᠥᠭᠴᠦ ᠰᠢᠢᠳᠪᠦᠷᠢᠯᠡᠭᠦᠯᠪᠡ᠃ ᠵᠠᠪᠳᠤᠨ ᠵᠠᠰᠠᠬᠤ ᠬᠥᠮᠦᠰ ᠳᠠᠷᠦ᠋ᠢᠬᠠᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠩᠬ᠎ᠠ ᠠᠯᠬᠤᠮ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠲᠣᠰ ᠵᠢᠵᠢᠭ ᠲᠣᠭᠤᠷᠢᠭ ᠤᠨ ᠡᠷᠬᠢᠨ ᠲᠣᠭᠤᠷᠢᠨ ᠤ ᠤᠰᠤᠨ ᠤ ᠳᠠᠷᠤᠯᠲᠠ ᠬᠡᠪ ᠤᠨ ᠪᠠᠶᠢᠵᠤ᠂ ᠤᠰᠤᠨ ᠤ ᠳᠠᠷᠤᠯᠲᠠ ᠪᠠᠭᠤᠷᠠᠭᠰᠠᠨ ᠠᠰᠠᠭᠤᠳᠠᠯ ᠢᠯᠡᠷᠡᠭᠰᠡᠨ ᠥᠬᠡᠶ᠂ ᠬᠤᠲᠠ ᠶᠢᠨ ᠤᠰᠤ ᠬᠠᠩᠭᠠᠬᠤ ᠭᠤᠤᠯᠯᠠᠨ ᠬᠠᠮᠢᠶᠠᠷᠬᠤ ᠳᠠᠷᠤᠯᠲᠠ ᠬᠦᠷᠦᠯᠴᠡᠬᠦ ᠥᠬᠡᠶ ᠪᠠᠶᠢᠳᠠᠯ ᠢ ᠠᠷᠢᠯᠭᠠᠪᠠ᠃ ᠨᠠᠷᠢᠨ ᠨᠢᠮᠪᠠᠶ ᠠᠵᠢᠯᠲᠠᠳ ᠵᠢᠭᠰᠠᠭᠠᠨ ᠪᠠᠶᠢᠴᠠᠭᠠᠬᠤ ᠶᠠᠪᠤᠴᠠ ᠳᠤ᠂ ᠲᠣᠰ ᠰᠠᠭᠤᠭᠠᠯᠢ ᠲᠣᠭᠤᠷᠢᠭ ᠤᠨ ᠤᠰᠤ ᠬᠠᠩᠭᠠᠬᠤ ᠭᠤᠤᠯ ᠬᠠᠮᠢᠶᠠᠷᠤᠭᠴᠢ ᠲᠠᠢ ᠬᠤᠯᠪᠣᠭᠰᠠᠨ ᠰᠠᠯᠪᠤᠷᠢ ᠬᠤᠭᠤᠯᠠᠶ ᠶᠢᠨ ᠨᠡᠭᠡᠯᠡᠬᠡᠶ ᠬᠠᠭᠤᠴᠢᠷᠠᠵᠤ᠂ ᠢ ᠴᠢᠤᠸᠠᠨ ᠤᠰᠤᠨ ᠤ ᠶᠠᠪᠤᠳᠠᠯ ᠤᠨ ᠺᠣᠮᠫᠠᠨᠢ ᠲᠡᠷᠡ ᠳᠠᠷᠤᠶ ᠳᠤᠨᠢ ᠦᠨ᠎ᠡ ᠲᠥᠯᠥᠪᠦᠷᠢ ᠥᠬᠡᠶ ᠪᠠᠷ ᠰᠢᠨ᠎ᠡ ᠨᠡᠭᠡᠯᠡᠬᠡᠶ ᠶᠢ ᠰᠣᠯᠢᠵᠤ᠂ ᠤᠰᠤ ᠬᠠᠩᠭᠠᠬᠤ ᠪᠠᠶᠢᠳᠠᠯ ᠢ ᠵᠣᠬᠢᠬᠤ ᠬᠡᠮᠵᠢᠶ᠎ᠡ ᠪᠠᠷ ᠨᠠᠮᠳᠠᠭᠤᠯᠤᠭᠰᠠᠨ ᠪᠣᠯᠪᠠᠴᠤ ᠬᠡᠰᠡᠭ ᠠᠰᠠᠷ ᠤᠨ ᠳᠠᠪᠬᠤᠷᠭ᠎ᠠ ᠶᠢᠨ ᠳᠠᠷᠤᠯᠲᠠ ᠬᠦᠷᠦᠯᠴᠡᠬᠦ ᠥᠬᠡᠶ ᠪᠠᠶᠢᠭ᠎ᠠ ᠪᠠᠶᠢᠳᠠᠯ ᠣᠷᠣᠰᠢᠵᠤ ᠪᠠᠶᠢᠨ᠎ᠠ᠃ ᠲᠣᠰ ᠰᠠᠭᠤᠭᠠᠯᠢ ᠲᠣᠭᠤᠷᠢᠭ ᠤᠨ ᠠᠷᠠᠳ ᠤᠨ ᠤᠰᠤ ᠬᠡᠷᠡᠭᠯᠡᠬᠦ ᠬᠡᠪ ᠤᠨ ᠪᠠᠶᠢᠳᠠᠯ ᠢ ᠪᠠᠲᠤᠯᠠᠬᠤ ᠶᠢᠨ ᠳᠣᠯᠠᠳᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠢᠭᠡᠳ ᠢ ᠴᠢᠤᠸᠠᠨ ᠤᠰᠤᠨ ᠤ ᠶᠠᠪᠤᠳᠠᠯ ᠤᠨ ᠺᠣᠮᠫᠠᠨᠢ᠂ ᠨᠡᠶᠢᠭᠡᠮ ᠲᠣᠭᠤᠷᠢᠭ ᠵᠡᠷᠭᠡ ᠰᠠᠯᠠᠭ᠎ᠠ ᠮᠥᠴᠢᠷ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠰᠠᠭᠤᠭᠠᠯᠢ ᠲᠣᠭᠤᠷᠢᠭ ᠤᠨ ᠡᠪᠳᠡᠷᠡᠵᠦ ᠴᠤᠴᠠᠷᠠᠭᠰᠠᠨ ᠬᠤᠭᠤᠯᠠᠶ ᠶᠢ ᠰᠡᠯᠪᠢᠨ ᠵᠠᠰᠠᠵᠤ᠂ ᠵᠥᠪᠬᠡᠨ 14 ᠡᠳᠦᠷ ᠤᠨ ᠴᠠᠭ ᠬᠡᠷᠡᠭᠰᠡᠵᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠲᠣᠬᠢᠲᠠᠶ ᠰᠢᠢᠳᠪᠦᠷᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号