【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ 4 ᠰᠠᠷ᠎ᠠ ᠶᠢᠨ 1 ᠤ ᠡᠳᠦᠷ ᠠᠴᠠ ᠡᠬᠢᠯᠡᠨ 24 ᠴᠠᠭ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/4/2
      4 ᠰᠠᠷ᠎ᠠ ᠶᠢᠨ 1 ᠤ ᠡᠳᠦᠷ᠂ ᠬᠢᠯᠢ ᠪᠠᠷ ᠣᠷᠣᠵᠤ ᠭᠠᠷᠬᠤ ᠨᠢᠭᠡᠨ ᠪᠠᠷᠠᠭᠠᠨ ᠤ ᠲᠡᠷᠭᠡ ᠶᠢᠨ ᠡᠮᠬᠢ ᠵᠢᠷᠤᠮ ᠲᠠᠢ ᠪᠠᠷ ᠪᠣᠭᠤᠮᠲᠠ ᠥᠩᠭᠡᠷᠡᠬᠦ ᠶᠢ ᠳᠠᠭᠠᠯᠳᠤᠨ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ 24 ᠴᠠᠭ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠵᠠᠭᠪᠤᠷ ᠵᠢᠩᠬᠢᠨᠢ ᠪᠠᠷ ᠡᠬᠢᠯᠡᠵᠦ᠂ ᠮᠣᠩᠭᠤᠯ ᠤᠯᠤᠰ ᠲᠤ 24 ᠴᠠᠭ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠪᠥᠬᠦ ᠤᠯᠤᠰ ᠤᠨ ᠠᠩᠬᠠᠳᠠᠭᠴᠢ ᠵᠠᠰᠠᠮᠠᠯ ᠵᠠᠮ ᠤᠨ ᠪᠣᠭᠤᠮᠲᠠ ᠪᠣᠯᠪᠠ᠃
     ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠦᠷ᠎ᠡ ᠪᠦᠲᠦᠭᠡᠯ ᠤᠨ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ᠳᠤᠮᠳᠠᠳᠤ ᠮᠣᠩᠭᠤᠯ ᠤᠨ ᠬᠢᠯᠢ ᠶᠢᠨ ᠪᠣᠭᠤᠮᠲᠠ ᠶᠢᠨ ᠬᠦᠴᠦᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠤᠶᠠᠷ ᠤᠯᠤᠰ ᠤᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠶᠢ ᠠᠬᠢᠭᠤᠯᠬᠤ ᠶᠢᠨ ᠳᠣᠯᠠᠳᠠ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ 4 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ᠂ 7 × 24 ᠴᠠᠭ ᠤᠨ ᠠᠵᠢᠯᠯᠠᠬᠤ ᠲᠦᠷᠢᠮ ᠢ ᠬᠡᠷᠡᠭᠵᠢᠭᠦᠯᠪᠡ᠃ ᠠᠶᠠᠨᠴᠢᠳ ᠤᠨ ᠲᠡᠭᠡᠭᠡᠪᠦᠷᠢ ᠶᠢᠨ ᠵᠠᠮ ᠨᠢ ᠮᠥᠨ ᠯᠡ ᠤᠤᠯ ᠤᠨ ᠠᠵᠢᠯᠯᠠᠬᠤ ᠳᠦᠷᠢᠮ ᠢ ᠬᠡᠷᠡᠭᠵᠢᠭᠦᠯᠵᠦ᠂ ᠬᠤᠶᠠᠷ ᠲᠠᠯ᠎ᠠ ᠪᠠᠷ ᠢᠶᠠᠨ ᠬᠠᠤᠯᠢ ᠪᠠᠷ ᠲᠣᠭᠲᠠᠭᠠᠭᠰᠠᠨ ᠠᠮᠠᠷᠠᠯᠳᠠ ᠶᠢᠨ ᠡᠳᠦᠷ ᠲᠤ ᠬᠢᠯᠢ ᠶᠢᠨ ᠡᠬᠦᠳᠠ ᠪᠠᠨ ᠬᠠᠭᠠᠨ᠎ᠠ᠃       ᠮᠣᠩᠭᠤᠯ ᠤᠯᠤᠰ ᠤᠨ ᠪᠠᠷᠠᠭᠠᠨ ᠤ ᠲᠡᠷᠭᠡᠨ ᠵᠢᠯᠣᠭᠤᠴᠢ ᠠᠮᠣᠷᠰᠠᠨᠠᠭ᠎ᠠ᠄ ︽ᠤᠤᠯ ᠨᠢ ᠵᠠᠰᠠᠮᠠᠯ ᠵᠠᠮ ᠤᠨ ᠪᠣᠭᠤᠮᠲᠠ ᠥᠷᠯᠥᠭᠡ ᠶᠢᠨ 8 ᠴᠠᠭ ᠠᠴᠠ ᠣᠷᠣᠶ ᠶᠢᠨ 6 ᠴᠠᠭ ᠪᠣᠯᠲᠠᠯ᠎ᠠ ᠪᠣᠭᠤᠮᠲᠠ ᠪᠠᠷ ᠥᠩᠭᠡᠷᠡᠵᠦ᠂ ᠪᠠᠷᠠᠭᠠᠨ ᠤ ᠲᠡᠷᠭᠡᠨ ᠵᠢᠯᠣᠭᠤᠴᠢ ᠮᠥᠷᠯᠡᠨ ᠪᠣᠭᠤᠮᠲᠠ ᠥᠩᠭᠡᠷᠡᠬᠦ ᠴᠢᠬᠤᠯᠠᠲᠠᠶ ᠪᠠᠶᠢᠵᠠᠶ᠃ ᠤᠳᠤ 24 ᠴᠠᠭ ᠤᠨ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠬᠠᠩᠭᠠᠵᠤ᠂ ᠰᠢᠯᠭᠠᠨ ᠪᠠᠶᠢᠴᠠᠭᠠᠪᠠᠯ ᠪᠣᠭᠤᠮᠲᠠ ᠪᠠᠷ ᠥᠩᠭᠡᠷᠡᠬᠦ ᠴᠠᠭ ᠨᠢ ᠨᠡᠩ ᠲᠦᠷᠭᠡᠨ᠂ ᠦᠷ᠎ᠡ ᠪᠦᠲᠦᠮᠵᠢ ᠨᠢ ᠨᠡᠩ ᠥᠨᠳᠥᠷ ᠪᠣᠯᠵᠠᠢ︾ ᠭᠡᠵᠦ ᠬᠡᠯᠡᠪᠡ᠃        ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠤᠯᠤᠰ ᠤᠨ ᠭᠠᠳᠠᠭᠠᠳᠤ ᠨᠡᠭᠡᠭᠡᠯᠲᠡ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠭᠤᠭᠴᠤᠭ᠎ᠠ ᠶᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠣᠭᠤᠮᠲᠠ ᠪᠠᠷ ᠥᠩᠭᠡᠷᠡᠬᠦ ᠶᠢ ᠪᠠᠲᠤᠯᠠᠬᠤ᠂ ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠮᠵᠢ ᠶᠢᠨ ᠲᠣᠭᠤᠷᠢᠨ ᠳᠤ᠂ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠨᠢᠭᠡᠴᠡ ᠯᠦᠭᠡ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠶ ᠦᠢᠯᠡᠴᠢᠯᠡᠭᠡ ᠪᠠᠷ ᠪᠣᠭᠤᠮᠲᠠ ᠪᠠᠷ ᠥᠩᠭᠡᠷᠡᠬᠦ ︽ᠶᠡᠭᠡ ᠪᠠᠷ ᠣᠷᠣᠵᠤ ᠭᠠᠷᠴᠤ᠂ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠪᠠᠲᠤᠯᠠᠭ᠎ᠠ ᠶᠢᠨ ᠦᠢᠯᠡᠴᠢᠯᠡᠭᠡ ᠶᠢ ᠬᠠᠩᠭᠠᠪᠠ᠃        ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠭᠠᠵᠠᠷ ᠤᠨ ᠳᠡᠳ᠋ ᠳᠠᠷᠤᠭ᠎ᠠ ᠯᠢᠦ ᠴᠢ ᠯᠢᠶᠠᠩ᠄ ︽ᠪᠣᠭᠤᠮᠲᠠ ᠳᠤ 24 ᠴᠠᠭ ᠢᠶᠠᠷ ᠪᠣᠭᠤᠮᠲᠠ ᠪᠠᠷ ᠥᠩᠭᠡᠷᠡᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠪᠢᠳᠡ ᠣᠶᠤᠨᠴᠢ ᠬᠢᠯᠢ ᠶᠢᠨ ᠪᠠᠶᠢᠴᠠᠭᠠᠯᠲᠠ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠠᠸᠠᠷ ᠤᠨ ᠲᠡᠷᠭᠡ ᠶᠢ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠭᠦᠯᠬᠦ᠂ ᠳᠤᠮᠳᠠᠳᠤ ᠮᠣᠩᠭᠤᠯ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ᠂ ᠲᠡᠷᠭᠡᠨ ᠤ ᠴᠣᠭᠴᠠ ᠶᠢ ᠪᠠᠶᠢᠴᠠᠭᠠᠨ ᠰᠢᠯᠭᠠᠬᠤ ᠮᠡᠳᠡᠭᠡ ᠵᠠᠩᠭᠢᠵᠢᠯᠲᠠ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠭᠤᠮᠲᠠ ᠶᠢᠨ ᠣᠶᠤᠨᠴᠢᠯᠠᠭᠰᠠᠨ ᠪᠣᠭᠤᠮᠲᠠ ᠪᠠᠷ ᠥᠩᠭᠡᠷᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠶᠢᠨ 24 ᠴᠠᠭ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠠᠰᠢᠭ ᠣᠯᠵᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠭᠠᠷᠭᠠᠵᠤ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ ᠶᠢ ᠪᠠᠲᠤᠯᠠᠪᠠ︾ ᠭᠡᠵᠡᠶ᠃      ᠣᠶᠢᠯᠠᠭᠠᠭᠰᠠᠨ ᠢᠶᠠᠷ᠂ 3 ᠰᠠᠷ᠎ᠠ ᠶᠢᠨ 31 ᠤ ᠡᠳᠦᠷ ᠪᠣᠯᠲᠠᠯ᠎ᠠ᠂ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ 11.9 ᠲᠦᠮᠡ ︵ᠴᠤᠪᠤᠭ᠎ᠠ ᠲᠡᠷᠬᠡ︶ ᠳᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 2.5 ᠳᠠᠬᠢᠨ ᠨᠡᠮᠡᠭᠳᠡᠪᠡ︔ ᠬᠢᠯᠢ ᠪᠠᠷ ᠣᠷᠣᠵᠤ ᠭᠠᠷᠬᠤ ᠬᠥᠮᠦᠰ 46 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 ᠳᠠᠬᠢᠨ ᠣᠷᠴᠢᠮ ᠨᠡᠮᠡᠭᠳᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号