ᠡᠷᠢᠶᠡᠨ ᠬᠤᠲᠠ ︱ ᠤᠯᠠᠭᠠᠨᠪᠠᠭᠠᠲᠤᠷ ᠬᠤᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯᠲᠠᠳ ᠤᠨ ᠬᠤᠳᠠᠯᠳᠤᠭᠠᠨ ᠤ ᠶᠠᠪᠤᠳᠠᠯ ᠤᠨ ᠬᠤᠷᠠᠯ ᠮᠠᠨ ᠤ ᠬᠤᠲᠠ ᠳᠤ ᠬᠤᠷᠠᠯᠳᠤᠠᠠᠰᠡᠨ
ᠨᠡᠶᠢᠲᠡᠯᠡᠭᠰᠡᠨ ᠴᠠᠭ᠄
2024/4/22
ᠤᠷᠴᠢᠭᠤᠯᠤᠠᠠᠴᠢ᠄ ᠪᠦᠷᠢᠩᠭᠤᠸ᠎ᠠ ᠤᠳᠤᠷᠢᠳᠬᠠᠯ᠄       4 ᠰᠠᠷ᠎ᠠ ᠶᠢᠨ 19  ᠤ ᠡᠳᠦᠷ᠂ ᠡᠷᠢᠶᠡᠨ ᠬᠤᠳᠠ ︱ ᠤᠯᠠᠭᠠᠨᠪᠠᠭᠠᠲᠤᠷ ᠬᠤᠳᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯᠲᠠᠨ ᠤ ᠬᠤᠳᠠᠯᠳᠤᠭᠠᠨ ᠤ ᠶᠠᠪᠤᠳᠠᠯ ᠤᠨ ᠬᠤᠷᠠᠯ ᠮᠠᠨ ᠤ ᠬᠤᠳᠠ ᠳᠤ ᠬᠤᠷᠠᠯᠳᠤᠵᠤ᠂ ᠳᠤᠮᠳᠠᠳᠤ ᠮᠣᠩᠭᠤᠯ ᠬᠤᠶᠠᠷ ᠲᠠᠯ᠎ᠠ ᠶᠢᠨ 80 ᠭᠠᠷᠤᠢ ᠠᠵᠤ ᠠᠬᠤᠶᠢᠯᠠᠯ ᠤᠨ ᠲᠥᠯᠥᠭᠡᠯᠡᠭᠴᠢ ᠨᠢᠭᠤᠷᠳᠠᠨ ᠶᠠᠷᠢᠯᠴᠠᠵᠤ᠂ ᠲᠤᠬᠠᠶᠢᠯᠠᠭᠰᠠᠨ ᠠᠵᠢᠯ  ᠢᠶᠠᠨ ᠵᠥᠪᠳᠡᠯᠴᠡᠵᠦ᠂ ᠲᠤᠬᠠᠶᠢᠯᠠᠭᠰᠠᠨ ᠠᠵᠢᠯ ᠤᠨ  ᠬᠠᠷᠢᠯᠴᠠᠭᠠᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ  ᠃ ᠲᠠᠶᠢᠯᠪᠦᠷᠢ᠄      ᠬᠤᠷᠠᠯ ᠳᠡᠭᠡᠷ᠎ᠡ  ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ  ᠬᠤᠯᠪᠤᠭᠠᠨ ᠤ ᠬᠠᠷᠢᠭᠤᠴᠠᠯᠭᠠᠲᠠᠨ  ᠮᠠᠨ ᠤ ᠬᠤᠳᠠ ᠶᠢᠨ ᠦᠨᠳᠦᠰᠦᠨ ᠪᠠᠶᠢᠳᠠᠯ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠣᠷᠴᠢᠨ ᠲᠣᠭᠤᠷᠢᠨ ᠪᠣᠯᠣᠨ ᠳᠤᠮᠳᠠᠳᠤ ᠮᠣᠩᠭᠤᠯ ᠤᠨ ᠡᠷᠢᠶᠡᠨ ᠬᠤᠳᠠ ︱ ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ  ᠲᠤᠭᠤᠷᠢᠭ ᠤᠨ ᠨᠠᠷᠢᠨ ᠪᠠᠶᠢᠳᠠᠯ ᠢ ᠲᠠᠨᠢᠯᠴᠠᠭᠤᠯᠪᠠ᠃ ᠤᠯᠠᠭᠠᠨᠪᠠᠭᠠᠲᠤᠷ ᠬᠤᠲᠠ ᠪᠣᠯᠣᠨ ᠡᠷᠢᠶᠡᠨ ᠬᠤᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ᠂ ᠤᠯᠠᠭᠠᠨᠪᠠᠭᠠᠲᠤᠷ ᠬᠤᠲᠠ ᠶᠢᠨ ᠪᠠᠷᠢᠯᠭ᠎ᠠ ᠶᠢᠨ ᠬᠠᠩᠭᠠᠯᠭ᠎ᠠ ᠶᠢᠨ ᠬᠤᠳᠠᠯᠳᠤᠭᠠᠴᠢᠨ ᠤ ᠵᠥᠪᠯᠡᠯ ᠤᠨ ᠳᠠᠷᠤᠭ᠎ᠠ ᠲᠣᠰ ᠲᠣᠰ ᠪᠠᠶᠠᠷ ᠤᠨ ᠦᠭᠡ ᠬᠡᠯᠡᠵᠡᠢ᠃       ᠬᠤᠷᠠᠯ  ᠳᠤ ᠵᠢᠭᠠᠬᠤ ᠳᠠᠭᠠᠨ  ᠂ ︽ᠨᠢᠭᠡ ᠪᠦᠰᠡ ᠨᠢᠭᠡ ᠵᠠᠮ︾  ᠤᠨ ᠰᠠᠨᠠᠭᠠᠴᠢᠯᠠᠭ᠎ᠠ ᠪᠣᠯᠣᠨ ᠮᠣᠩᠭᠤᠯ ᠤᠯᠤᠰ ᠤᠨ ︽ᠬᠥᠭᠵᠢᠯᠲᠡ ᠶᠢᠨ ᠵᠠᠮ︾  ᠤᠨ ᠪᠠᠶᠢᠯᠳᠤᠬᠤ ᠪᠣᠳᠣᠯᠭ᠎ᠠ ᠶᠢ ᠵᠣᠯᠭᠠᠭᠤᠯᠬᠤ ᠶᠠᠪᠤᠴᠠ ᠳᠤ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠡᠷᠢᠶᠡᠨ ᠬᠤᠳᠠ ᠳᠤᠮᠳᠠᠳᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠭᠰᠠᠨ ᠤ ᠬᠤᠪᠢ ᠳᠤ᠂ ᠮᠣᠩᠭᠤᠯ ᠤᠯᠤᠰ ᠯᠤᠭ᠎ᠠ  ᠲᠠᠢ ᠠᠵᠤ ᠠᠬᠤᠢ ᠠᠷᠠᠯᠵᠢᠶᠠᠨ ᠤ ᠶᠠᠪᠤᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ  ᠲᠠᠯ᠎ᠠ ᠪᠠᠷ  ᠮᠠᠰᠢ ᠲᠤᠳᠤᠨᠤ ᠬᠠᠷᠢᠯᠴᠠᠭ᠎ᠠ ᠲᠠᠢ ᠪᠠᠶᠢᠳᠠᠭ᠃  ᠬᠤᠶᠠᠷ ᠭᠠᠵᠠᠷ ᠤᠨ ᠠᠷᠠᠳ ᠤᠨ ᠵᠣᠬᠢᠶᠠᠨ ᠪᠠᠶᠢᠭᠤᠯᠤᠯᠲᠠ ᠪᠣᠯᠣᠨ ᠬᠤᠳᠠᠯᠳᠤᠭᠠᠴᠢᠳ ᠤᠨ ᠡᠪᠯᠡᠯ ᠤᠨ ᠰᠣᠯᠢᠯᠴᠠᠭ᠎ᠠ ᠶᠠᠪᠤᠯᠴᠠᠭ᠎ᠠ ᠣᠯᠠᠰᠢᠷᠠᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠵᠠᠢ᠃ ᠡᠨᠡ ᠤᠳᠠᠭᠠᠨ ᠤ ᠬᠤᠷᠠᠯ ᠢᠶᠠᠷ ᠳᠠᠮᠵᠢᠭᠤᠯᠤᠨ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ  ᠤᠯᠠᠮ ᠴᠢᠨ᠋ᠬᠠᠰᠢᠳᠡ ᠴᠢᠩᠭᠠᠳᠬᠠᠬᠤ ᠶᠢ ᠬᠦᠰᠡᠵᠦ  ᠪᠠᠶᠢᠨ᠎ᠠ᠃           ᠡᠷᠢᠶᠡᠨ  ᠪᠣᠭᠤᠮᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠭᠦᠸᠧ ᠵᠢᠶᠦ᠋ᠨ ᠫᠢᠩ  ᠄          ᠡᠨᠡ ᠤᠳᠠᠭᠠᠨ ᠤ ᠬᠤᠷᠠᠯ  ᠢᠶᠠᠷ ᠲᠠᠮᠵᠢᠭᠤᠯᠤᠨ ᠡᠷᠢᠶᠡᠨ ᠬᠤᠳᠠ ᠪᠣᠯᠣᠨ ᠤᠯᠠᠭᠠᠨᠪᠠᠭᠠᠲᠤᠷ ᠬᠤᠳᠠ ᠶᠢᠨ ᠬᠠᠮᠢᠶ᠎ᠠ ᠪᠦᠬᠦᠢ ᠠᠵᠤ ᠠᠬᠤᠶᠢᠯᠠᠯ ᠳᠤ ᠤᠯᠠᠮ  ᠣᠶᠢᠯᠠᠭᠠᠯᠲᠠ ᠲᠠᠢ ᠪᠣᠯᠭᠠᠵᠤ᠂ ᠤᠯᠠᠭᠠᠨᠪᠠᠭᠠᠲᠤᠷ ᠬᠤᠳᠠ ᠶᠢᠨ ᠠᠵᠤ ᠠᠬᠤᠶᠢᠯᠠᠯᠲᠠᠨ ᠳᠤ ᠮᠠᠨ ᠤ ᠪᠦᠲᠦᠭᠡᠭᠳᠡᠬᠦᠨ ᠢᠶᠠᠨ ᠲᠤᠬᠠᠢ ᠶᠢᠨ ᠭᠠᠵᠠᠷ ᠲᠤᠨᠢ ᠦᠵᠡᠭᠦᠯᠵᠦ᠂ ᠬᠤᠶᠢᠰᠢᠳᠠ ᠶᠢᠨ  ᠬᠠᠮᠳᠤᠷᠠᠯᠴᠠᠭ᠎ᠠ ᠳᠤ ᠰᠠᠭᠤᠷᠢ ᠲᠠᠯᠪᠢᠵᠤ᠂ ᠪᠣᠭᠤᠮᠲᠠ ᠶᠢᠨ ᠠᠷᠠᠯᠵᠢᠶ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠷᠢᠶᠡᠨ ᠬᠤᠳᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠲᠦᠷᠦᠯ ᠲᠡᠮᠳᠡᠭ ᠢ ᠡᠭᠦᠳᠬᠦ ᠳᠤ ᠬᠦᠴᠦᠨ ᠴᠢᠳᠠᠯ ᠢᠶᠠᠨ   ᠨᠡᠮᠡᠷᠢᠯᠡᠯ᠎ᠡ᠃            ᠬᠤᠷᠠᠯ ᠳᠡᠭᠡᠷ᠎ᠡ᠂ ᠡᠷᠢᠶᠡᠨ  ᠪᠣᠭᠤᠮᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠨᠡᠶᠢᠭᠡᠮᠯᠢᠭ ᠪᠣᠯᠣᠨ ᠤᠯᠠᠭᠠᠨᠪᠠᠭᠠᠲᠤᠷ ᠬᠤᠳᠠ ᠶᠢᠨ ᠪᠠᠷᠢᠯᠭ᠎ᠠ ᠶᠢᠨ ᠬᠠᠩᠭᠠᠯᠭ᠎ᠠ ᠶᠢᠨ ᠬᠤᠳᠠᠯᠳᠤᠭᠠᠴᠢᠨ ᠤ ᠵᠥᠪᠯᠡᠯ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号