ᠡᠷᠳᠡᠨᠢᠭᠤᠪᠢ  ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ  ᠬᠤᠷᠰᠢᠶᠠᠵᠢᠯ ᠤᠨ  ᠪᠧᠨ ᠪᠧᠨ ᠰᠢᠯᠢᠳᠡᠭ ᠡᠭᠦᠯᠳᠡᠷ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠤ ᠠᠵᠢᠯ ᠡᠬᠢᠯᠡᠬᠦ ᠶᠣᠰᠣᠯᠠᠯ ᠵᠢᠴᠢ ᠮᠠᠯᠴᠢᠳ ᠤᠨ ᠠᠰᠢᠭ ᠬᠤᠪᠢᠶᠠᠬᠤ ᠶᠡᠭᠡ ᠬᠤᠷᠠᠯ  ᠶᠠᠪᠤᠠᠠᠳ᠋ᠬᠠᠰᠡᠨ
ᠨᠡᠶᠢᠲᠡᠯᠡᠭᠰᠡᠨ ᠴᠠᠭ᠄
2024/4/22
ᠤᠷᠴᠢᠭᠤᠯᠤᠠᠠᠴᠢ᠄  ᠪᠦᠷᠢᠩᠭᠤᠸ᠎ᠠ ᠤᠳᠤᠳᠷᠢᠳᠬᠠᠯ  ᠄       4 ᠰᠠᠷ᠎ᠠ ᠶᠢᠨ 19 ᠤ ᠡᠳᠦᠷ᠂ ᠡᠷᠳᠡᠨᠢᠭᠤᠪᠢ  ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ  ᠬᠤᠷᠰᠢᠶᠠᠵᠢᠯ ᠤᠨ  ᠪᠧᠨ ᠪᠧᠨ ᠰᠢᠯᠢᠳᠡᠭ ᠡᠭᠦᠯᠳᠡᠷ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠤ ᠠᠵᠢᠯ ᠡᠬᠢᠯᠡᠬᠦ ᠶᠣᠰᠣᠯᠠᠯ ᠵᠢᠴᠢ ᠮᠠᠯᠴᠢᠳ ᠤᠨ ᠠᠰᠢᠭ ᠬᠤᠪᠢᠶᠠᠬᠤ ᠶᠡᠭᠡ ᠬᠤᠷᠠᠯ ᠶᠠᠪᠤᠭᠳᠠᠪᠠ᠃ ᠲᠠᠶᠢᠯᠪᠦᠷᠢ᠄        ᠪᠧᠨ ᠪᠧᠨ ᠰᠢᠯᠢᠳᠡᠭ ᠡᠭᠦᠯᠳᠡᠷ ᠤᠨ ᠠᠯᠠᠰᠢᠨ ᠦᠬᠡᠷ  ᠲᠡᠵᠢᠭᠡᠨ ᠦᠷᠡᠵᠢᠭᠦᠯᠬᠦ ᠰᠠᠭᠤᠷᠢᠨ  ᠭᠠᠵᠠᠷ ᠤᠨ ᠶᠡᠷᠦᠩᠬᠡᠢ ᠪᠡᠯᠡ ᠣᠷᠣᠭᠤᠯᠤᠯᠲᠠ 1722 ᠲᠦᠮᠡᠨ ᠲᠥᠭᠦᠷᠢᠭ ᠲᠤ ᠬᠦᠷᠴᠦ᠂ 300 ᠮᠦ ᠲᠠᠯᠠᠪᠠᠢ ᠶᠢ ᠡᠵᠡᠯᠡᠵᠦ᠂ ᠣᠳᠣᠬᠠᠨ ᠳᠤ ᠨᠢᠭᠡᠨᠲᠡ 400 ᠭᠠᠷᠤᠢ ᠠᠩᠬᠢᠰ  ᠠᠯᠠᠰᠢᠨ ᠦᠬᠡᠷ  ᠪᠤᠢ᠃ ᠲᠣᠰ ᠰᠠᠭᠤᠷᠢᠨ ᠭᠠᠵᠠᠷ ᠨᠢ ︽ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ᠂ ᠬᠠᠮᠲᠤ ᠨᠡᠶᠢᠲᠡ ᠠᠴᠠ ᠠᠰᠢᠭ ᠭᠥᠷᠳᠡᠬᠦ︾ ᠬᠥᠭᠵᠢᠯᠲᠡ ᠶᠢᠨ ᠵᠠᠭᠪᠤᠷ ᠢ ᠬᠡᠷᠡᠭᠯᠡᠨ᠂ ᠣᠳᠣᠬᠢᠴᠢᠯᠠᠭᠰᠠᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠪᠠᠶᠢᠳᠠᠯ ᠢ ᠨᠢᠭᠡᠳᠬᠡᠭᠰᠡᠨ ᠪᠠᠶᠢᠨ᠎ᠠ᠃ ᠥᠮᠴᠢᠯᠡᠬᠦ ᠡᠷᠬᠡ ᠨᠢ ᠡᠷᠳᠡᠨᠢᠭᠤᠪᠢ  ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ  ᠬᠤᠷᠰᠢᠶᠠᠵᠢᠯ ᠳᠤ ᠥᠮᠴᠢᠯᠡᠭᠳᠡᠵᠦ᠂ ᠠᠵᠤ ᠠᠬᠤᠶᠢᠯᠠᠯ  ᠭᠠᠵᠠᠷ ᠲᠦᠷᠢᠶᠡᠰᠦᠯᠡᠨ ᠬᠡᠷᠡᠭᠯᠡᠬᠦ ᠶᠢᠨ ᠬᠠᠮᠲᠤ ᠵᠢᠯ ᠢᠶᠠᠷ  ᠭᠠᠴᠠᠭᠠᠨ ᠤ ᠬᠠᠮᠲᠤ ᠨᠡᠶᠢᠲᠡ ᠳᠤ ᠲᠦᠷᠢᠶᠡᠰᠦᠨ ᠮᠥᠩᠭᠦ ᠲᠤᠰᠢᠶᠠᠵᠤ᠂ ᠵᠢᠯ ᠪᠦᠷᠢ  ᠭᠠᠴᠠᠭᠠᠨ ᠤ ᠬᠠᠮᠲᠤ ᠨᠡᠶᠢᠲᠡ ᠳᠤ 50 ᠭᠠᠷᠤᠢ ᠲᠦᠮᠡᠨ ᠲᠥᠭᠦᠷᠢᠭ ᠤᠨ ᠣᠷᠣᠯᠭ᠎ᠠ ᠠᠪᠴᠢᠷᠠᠨ ᠥᠭᠴᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃ ᠡᠨᠡ ᠨᠢ ᠡᠷᠳᠡᠨᠢᠭᠤᠪᠢ  ᠭᠠᠴᠠᠭᠠᠨ ᠤ  ᠠᠵᠤ ᠦᠢᠯᠡᠰ ᠤᠨ ᠬᠦᠭᠵᠢᠯᠳᠡ ᠴᠢᠬᠤᠯᠠ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃             ᠲᠤᠬᠠᠢ ᠶᠢᠨ ᠲᠠᠯᠠᠪᠤᠷ ᠲᠤ᠂ ᠡᠷᠳᠡᠨᠢᠭᠤᠪᠢ  ᠭᠠᠴᠠᠭᠠᠨ ᠤ ᠨᠠᠮ ᠤᠨ ᠡᠭᠦᠷ  ᠥᠪᠥᠷ ᠮᠣᠩᠭᠤᠯ ᠤᠨ ᠵᠢᠶᠠ ᠯᠢ  ᠤᠰᠤ ᠠᠷᠪᠢᠯᠠᠬᠤ ᠤᠰᠤᠯᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠡᠭᠦᠷ ᠲᠠᠢ ︽ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ︾ ᠪᠠ ᠬᠠᠮᠲᠤᠷᠠᠯᠴᠠᠭᠠᠨ ᠤ ᠭᠡᠷ᠎ᠡ ᠲᠣᠭᠲᠠᠵᠤ᠂ ᠮᠠᠯᠴᠢᠳ ᠲᠤ  ᠬᠡᠭᠡᠯᠲᠦᠭᠦᠯᠬᠦ᠂ ᠪᠣᠷᠳᠣᠬᠤ᠂ ᠡᠭᠦᠯᠳᠡᠷ ᠰᠠᠶᠢᠵᠢᠷᠠᠭᠤᠯᠬᠤ᠂ ᠡᠪᠡᠰᠦ ᠬᠤᠳᠠᠯᠳᠤᠨ ᠠᠪᠬᠤ ᠵᠡᠷᠭᠡ ᠮᠡᠷᠭᠡᠵᠢᠯ ᠤᠨ ᠵᠢᠯᠣᠭᠤᠳᠤᠯᠭ᠎ᠠ ᠪᠠ  ᠪᠤᠯᠪᠠᠰᠤᠷᠠᠯ ᠬᠠᠩᠭᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠠᠷᠪᠢᠯᠠᠵᠤ᠂ ᠲᠡᠵᠢᠭᠡᠨ ᠦᠷᠡᠵᠢᠭᠦᠯᠬᠦ ᠣᠷᠣᠯᠭ᠎ᠠ ᠶᠢ ᠨᠡᠮᠡᠭᠳᠡᠭᠦᠯᠬᠦ ᠪᠠᠷ ᠲᠥᠯᠥᠪᠯᠡᠵᠦ ᠪᠣᠶ᠃        ᠡᠷᠳᠡᠨᠢᠭᠤᠪᠢ  ᠭᠠᠴᠠᠭᠠᠨ ᠤ  ᠬᠤᠪᠢ ᠣᠷᠣᠭᠤᠯᠤᠭᠰᠠᠨ ᠠᠵᠤ ᠠᠬᠤᠢ ᠶᠢᠨ  ᠬᠤᠷᠰᠢᠶᠠᠵᠢᠯ ᠪᠠᠶᠢᠭᠤᠯᠤᠭᠳᠠᠭᠰᠠᠨ   ᠠᠴᠠ  ᠨᠠᠭᠠᠰᠢ᠂ ᠨᠠᠮ ᠤᠨ ᠡᠭᠦᠷ ᠪᠣᠯᠣᠨ ᠬᠤᠷᠰᠢᠶᠠᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ  ᠪᠠᠷᠢᠮᠲᠠᠯᠠᠵᠤ᠂ ᠮᠠᠯᠴᠢᠳ ᠤᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂  ᠨᠠᠩ ᠰᠠᠶᠢᠨ ᠠᠮᠢᠳᠤᠷᠠᠯ  ᠦᠢᠯᠡᠳᠪᠦᠷᠢᠯᠡᠯ ᠤᠨ ᠨᠥᠬᠦᠴᠡᠯ ᠬᠠᠩᠭᠠᠭᠰᠠᠨ ᠪᠠᠶᠢᠨ᠎ᠠ᠃ ᠲᠤᠬᠠᠢ ᠶᠢᠨ ᠡᠳᠦᠷ᠂ ᠭᠠᠴᠠᠭᠠᠨ ᠤ ᠬᠢᠨ 28 ᠲᠦᠮᠡᠨ ᠲᠥᠭᠦᠷᠢᠭ ᠤᠨ ᠬᠠᠮᠲᠤ ᠶᠢᠨ ᠣᠷᠣᠯᠭ᠎ᠠ ᠶᠢ ᠡᠪᠡᠰᠦ ᠪᠣᠷᠳᠤᠭ᠎ᠠ ᠪᠣᠯᠭᠠᠨ ᠨᠤᠭᠤᠯᠤᠨ ᠪᠤᠳᠤᠵᠤ ᠬᠤᠷᠰᠢᠶᠠᠨ ᠤ ᠬᠤᠪᠢ ᠣᠷᠣᠭᠤᠯᠤᠭᠴᠢᠳ ᠲᠤ ᠲᠠᠷᠬᠠᠭᠠᠪᠠ᠃     ᠡᠷᠳᠡᠨᠢᠭᠤᠪᠢ  ᠭᠠᠴᠠᠭᠠᠨ ᠤ  ᠮᠠᠯᠴᠢᠨ ᠥᠯᠵᠡᠶᠢᠪᠠᠶᠠᠷ᠄     ᠭᠠᠴᠠᠭᠠᠨ ᠤ ᠬᠤᠷᠰᠢᠶᠠᠵᠢᠯ ᠠᠴᠠ ᠮᠠᠯᠴᠢᠳ ᠲᠤ ᠲᠡᠵᠢᠭᠡᠯ ᠪᠣᠷᠳᠤᠭ᠎ᠠ ᠲᠦᠭᠡᠭᠡᠵᠦ᠂ ᠬᠠᠰᠢᠶᠠᠯᠠᠨ ᠮᠠᠯᠵᠢᠬᠤ ᠬᠤᠭᠤᠴᠠᠭᠠᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠢ᠂ ᠮᠠᠯᠴᠢᠳ ᠲᠤ ᠡᠨᠡ ᠬᠤᠭᠤᠴᠠᠭᠠᠨ ᠳᠤ ᠡᠪᠡᠰᠦ ᠪᠣᠷᠳᠤᠭ᠎ᠠ ᠶᠠᠭ ᠳᠤᠲᠠᠭᠳᠠᠵᠤ ᠪᠠᠶᠢᠨ᠎ᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ   ᠠᠴᠠ ᠪᠢᠳᠡᠨ ᠳᠤ ᠪᠡᠯᠡ ᠮᠥᠩᠭᠦ ᠲᠦᠭᠡᠭᠡᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠴᠠᠭ ᠲᠠᠭᠠᠨ ᠮᠠᠰᠢ ᠲᠣᠬᠢᠷᠠᠵᠤ ᠪᠠᠶᠢᠨ᠎ᠠ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号