ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠥᠷᠪᠡᠳᠦᠭᠡᠷ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠳᠠ ᠳᠤ  ᠢᠷᠡᠵᠦ ᠪᠠᠶᠢᠴᠠᠭᠠᠨ ᠰᠤᠳᠤᠯᠤᠯᠲᠠ  ᠬᠢᠭᠰᠡᠨ
ᠨᠡᠶᠢᠲᠡᠯᠡᠭᠰᠡᠨ ᠴᠠᠭ᠄
2024/4/22
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄       4  ᠳ᠋ᠦ᠋ᠭᠡᠷ  ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠥᠷᠪᠡᠳᠦᠭᠡᠷ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠴᠧᠩ ᠨᠠᠷ ᠮᠠᠨ ᠤ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ  ᠤ ᠬᠠᠮᠳᠦ  ᠰᠠᠭᠤᠳᠠᠯ ᠤᠨ ᠬᠤᠷᠠᠯ ᠬᠤᠷᠠᠯᠳᠤᠭᠤᠯᠪᠠ᠃ ᠲᠠᠶᠢᠯᠪᠦᠷᠢ᠄        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠳᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠰᠠᠨᠠᠯ ᠢᠶᠠᠨ  ᠰᠤᠯᠢᠯᠴᠠᠵᠦ ᠶᠠᠷᠢᠶ᠎ᠠ ᠲᠠᠯᠪᠢᠪᠠ᠃           ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ  ᠳᠤ ᠭᠦᠢᠴᠡᠳ  ᠨᠤᠳᠠᠯᠠᠯᠳᠠ ᠦᠭᠴᠤ ᠵᠢᠭᠠᠬᠤ ᠳᠠᠭᠠᠨ  ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠯᠡᠨ ᠠᠬᠢᠭᠤᠯᠬᠤ ᠴᠢᠬᠤᠯᠠ ᠶᠡᠭᠡ ᠢᠨᠵᠧᠨᠧᠷᠢᠩ ᠮᠥᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠦᠨ ᠱᠣᠣ ᠴᠧᠩ ᠱᠦᠵᠢ ᠶᠢᠨ 2024 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠵᠤ᠂ ︽ᠰᠣᠶᠣᠯ ᠢ ᠪᠣᠶᠢᠵᠢᠭᠤᠯᠬᠤ᠂ ᠶᠣᠰᠣ ᠳᠦᠷᠢᠮ ᠲᠣᠭᠲᠠᠭᠠᠬᠤ᠂ ᠴᠢᠩᠭ᠎ᠠ ᠬᠠᠮᠢᠶᠠᠷᠬᠤ᠂ ᠱᠠᠩᠨᠠᠵᠤ ᠲᠣᠷᠭᠠᠬᠤ ᠶᠢ ᠲᠣᠳᠣᠷᠬᠠᠶᠢᠯᠠᠬᠤ᠂ ᠬᠢᠵᠠᠭᠠᠷ ᠱᠤᠭᠤᠮ ᠢ ᠪᠠᠲᠤᠯᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ︽ ᠲᠤᠠᠠᠳ᠋ᠬᠠᠰᠡᠨ   ᠲᠤᠠᠠᠳᠠᠭᠠᠯ︾ ᠢ ᠰᠠᠶᠢᠲᠤᠷ ᠪᠡᠶᠡᠯᠡᠭᠦᠯᠦᠭᠰᠡᠨ ᠤᠷᠢᠲᠠᠯ ᠳᠣᠣᠷ᠎ᠠ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠶᠢ ᠡᠭᠦᠳᠬᠦ᠂ ᠰᠢᠪᠲᠤᠯᠤᠯᠲᠠ ᠲᠠᠢ᠂ ᠬᠢᠯᠠᠰ ᠴᠡᠭ ᠲᠠᠢ᠂ ᠪᠣᠭᠤᠮᠲᠠ ᠶᠢᠨ ᠣᠨᠴᠠᠯᠢᠭ ᠲᠠᠢ ᠪᠠᠶᠢᠬᠤ ᠶᠢ ᠪᠡᠶᠡᠯᠡᠭᠦᠯᠵᠦ᠂ ᠪᠥᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠡᠷᠢᠭᠦᠨ ᠤ ᠲᠤᠷᠰᠢᠯᠭ᠎ᠠ ᠶᠢ  ᠬᠠᠩᠭᠠᠬᠤ ᠬᠡᠷᠡᠭᠳᠠᠢ  ᠃        ᠬᠤᠷᠠᠯ ᠤᠨ ᠲᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠠᠷᠠᠳ ᠤᠨ ᠰᠢᠭᠦᠬᠦ ᠬᠤᠷᠢᠶ᠎ᠠ᠂ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号