ᠮᠠᠨ ᠤ ᠬᠤᠲᠠ ᠣᠷᠣᠰ ᠤᠨ ᠠᠵᠤ ᠠᠬᠤᠶᠢᠯᠠᠯ ᠲᠠᠢ ᠭᠠᠳᠠᠭᠠᠳᠤ ᠠᠴᠠ ᠣᠷᠣᠭᠤᠯᠤᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠲᠥᠷᠥᠯ ᠵᠦᠢᠯ ᠤᠨ ᠲᠤᠬᠠᠶ ᠵᠣᠯᠭᠠᠭᠤᠯᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 19 ᠤ ᠡᠳᠦᠷ᠂ ᠮᠠᠨ ᠤ ᠬᠤᠲᠠ ᠣᠷᠣᠰ ᠤᠨ ᠠᠵᠤ ᠠᠬᠤᠶᠢᠯᠠᠯ ᠲᠠᠢ ᠭᠠᠳᠠᠭᠠᠳᠤ ᠠᠴᠠ ᠣᠷᠣᠭᠤᠯᠬᠤ ᠰᠢᠩᠭᠡᠨᠵᠢᠮᠡᠯ ᠴᠢᠯᠠᠭᠤᠨ ᠲᠣᠰᠣᠨ ᠤ ᠲᠥᠷᠥᠯ ᠵᠦᠢᠯ ᠤᠨ ᠲᠤᠬᠠᠶ ᠵᠣᠯᠭᠠᠭᠤᠯᠤᠨ ᠶᠠᠷᠢᠯᠴᠠᠬᠤ ᠬᠤᠷᠠᠯ ᠬᠢᠪᠠ᠃       ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠭᠠᠳᠠᠭᠠᠳᠤ ᠠᠴᠠ ᠣᠷᠣᠭᠤᠯᠤᠭᠰᠠᠨ ᠰᠢᠩᠭᠡᠨᠵᠢᠮᠡᠯ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ ᠲᠦᠷᠦᠯ ᠵᠦᠢᠯ ᠤᠨ ᠠᠵᠤ ᠦᠢᠯᠡᠰ ᠤᠨ ᠬᠥᠭᠵᠢᠯᠲᠡ᠂ ᠪᠠᠷᠠᠭᠠᠨ ᠤ ᠢᠷᠡᠯᠲᠡ ᠶᠢᠨ ᠦᠢᠯᠡᠳᠪᠦᠷᠢᠯᠡᠯ ᠤᠨ ᠴᠢᠳᠠᠪᠤᠷᠢ᠂ ᠲᠡᠭᠡᠭᠡᠪᠦᠷᠢ ᠶᠢᠨ ᠠᠷᠭ᠎ᠠ ᠵᠠᠮ᠂ ᠬᠠᠮᠲᠤᠷᠠᠯᠴᠠᠭᠠᠨ ᠤ ᠬᠡᠷᠡᠭᠴᠡᠭᠡ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠨ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠰᠣᠯᠢᠯᠴᠠᠭ᠎ᠠ ᠪᠣᠯ ᠬᠤᠶᠠᠷ ᠲᠠᠯ᠎ᠠ ᠶᠢᠨ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠢᠯᠡᠷᠡᠯ ᠮᠥᠨ ᠭᠡᠵᠦ ᠰᠠᠨᠠᠯ ᠨᠢᠭᠡᠲᠡᠢ ᠦᠵᠡᠭᠰᠡᠨ ᠪᠥᠭᠡᠳ ᠬᠤᠶᠠᠷ ᠲᠠᠯ᠎ᠠ ᠶᠢᠨ ᠬᠤᠭᠤᠷᠣᠨᠳᠣᠬᠢ ᠥᠷᠭᠡᠨ ᠳᠡᠯᠭᠡᠷ ᠬᠠᠮᠲᠤᠷᠠᠯᠴᠠᠭᠠᠨ ᠤ ᠬᠦᠰᠡᠯ ᠰᠠᠨᠠᠭ᠎ᠠ ᠶᠢ ᠢᠯᠡᠷᠡᠭᠦᠯᠦᠭᠰᠡᠨ ᠶᠤᠮ᠃ ᠡᠷᠢᠶᠡᠨ ᠬᠤᠲᠠ ᠨᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠴᠢᠬᠤᠯᠠ ᠵᠠᠮ ᠪᠣᠯᠤᠭᠰᠠᠨ ᠤ ᠬᠤᠪᠢ ᠳᠤ᠂ ᠭᠠᠳᠠᠭᠠᠳᠤ ᠠᠴᠠ ᠣᠷᠣᠭᠤᠯᠤᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠲᠥᠷᠥᠯ ᠵᠦᠢᠯ ᠨᠢ ᠡᠷᠬᠢᠨ ᠲᠣᠭᠤᠷᠢᠨ ᠤ ᠭᠠᠵᠠᠷ ᠣᠷᠣᠨ ᠤ ᠡᠨᠧᠷᠭᠢ ᠶᠢᠨ ᠬᠡᠷᠡᠭᠴᠡᠭᠡ ᠶᠢ ᠬᠠᠩᠭᠠᠵᠤ ᠴᠢᠳᠠᠬᠤ ᠪᠠᠷ ᠪᠠᠷᠠᠬᠤ ᠥᠬᠡᠶ᠂ ᠪᠠᠰᠠ ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ ᠶᠢᠨ ᠨᠡᠮᠡᠭᠳᠡᠯ ᠢ ᠠᠬᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠲᠥᠷᠥᠯ ᠵᠦᠢᠯ ᠢ ᠪᠠᠶᠠᠯᠢᠭᠵᠢᠭᠤᠯᠬᠤ ᠶᠢᠨ ᠬᠠᠮᠲᠤ ᠪᠣᠭᠤᠮᠲᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ ᠬᠤᠶᠠᠷ ᠲᠠᠯ᠎ᠠ ᠶᠢᠨ ᠠᠵᠤ ᠠᠬᠤᠶᠢᠯᠠᠯ ᠤᠯᠤᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠨᠧᠷᠭᠢ ᠶᠢᠨ ᠬᠦᠷᠢᠶᠡᠨ ᠳᠤ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号