| | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ | ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 81.5 ᠲᠦᠮᠡᠨ ᠲᠣᠨ ᠳᠤ ᠬᠦᠷᠴᠦ᠂ ᠠᠶᠠᠯᠠᠭᠰᠠᠨ ᠴᠤᠪᠤᠭ᠎ᠠ ᠲᠤᠭ᠎ᠠ 802 ᠴᠤᠪᠤᠭ᠎ᠠ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 3.85%᠂ 7.5% ᠪᠠᠷ ᠨᠡᠮᠡᠭᠳᠡᠪᠡ᠃ | | | | | ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠬᠤ | ᠪᠥᠭᠡᠳ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠳᠤᠮᠳᠠ ᠵᠠᠮ︾ ᠤᠨ ᠬᠢᠯᠢ ᠪᠠᠷ ᠣᠷᠣᠵᠤ | ᠭᠠᠷᠬᠤ ᠴᠣᠷ ᠤᠨ ᠭᠠᠭᠴᠠ ᠪᠣᠭᠤᠮᠲᠠ ᠪᠣᠯᠤᠨ᠎ᠠ᠃ ᠣᠳᠣᠬᠠᠨ ᠳᠤ ᠠᠶᠠᠯᠠᠯ ᠤᠨ ᠱᠤᠭᠤᠮ ᠨᠢᠭᠡᠨᠲᠡ 71 ᠵᠤᠷᠪᠤᠰ | ᠪᠣᠯᠵᠤ᠂ ᠪᠦᠷᠬᠦᠴᠡ ᠶᠢᠨ ᠬᠡᠪᠴᠢᠶ᠎ᠡ ᠶᠢ ᠠᠽᠢᠶ᠎ᠠ ᠲᠢᠪ᠂ ᠡᠸᠦ᠋ᠷᠦᠫᠡ ᠲᠢᠪ ᠤᠨ 10 ᠭᠠᠷᠤᠢ ᠤᠯᠤᠰ ᠪᠠ 140 | ᠭᠠᠷᠤᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠲᠠ ᠪᠤᠶᠤ ᠥᠷᠲᠡᠭᠡ ᠴᠢᠭ ᠬᠦᠷᠲᠡᠯ᠎ᠡ ᠤᠷᠲᠤᠳᠬᠠᠵᠤ᠂ | ᠪᠠᠷᠠᠭ᠎ᠠ ᠶᠢᠨ ᠬᠠᠮᠤᠭ ᠠᠩᠬᠠᠨ ᠤ ᠭᠠᠷ ᠤᠲᠠᠰᠤ᠂ ᠺᠣᠮᠫᠢᠦ᠋ᠲ᠋ᠧᠷ ᠵᠡᠷᠭᠡ IT ᠪᠦᠲᠦᠭᠡᠭᠳᠡᠬᠦᠨ ᠠᠴᠠ ᠠᠭᠠᠵᠢᠮ ᠢᠶᠠᠷ | ᠪᠦᠬᠦᠯᠢ ᠮᠠᠰᠢᠨ ᠲᠡᠷᠭᠡ ᠵᠢᠴᠢ ᠰᠡᠯᠪᠢᠭ ᠲᠣᠨᠤᠭ᠂ ᠮᠠᠰᠢᠨ ᠴᠠᠬᠢᠯᠭᠠᠨ ᠤ ᠮᠠᠰᠢᠨ ᠮᠧᠬᠠᠨᠢᠭ ᠤᠨ ᠲᠥᠬᠦᠭᠡᠷᠦᠮᠵᠢ᠂ | ᠭᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠮᠡ ᠭᠠᠷᠤᠢ ᠵᠦᠢᠯ ᠬᠦᠷᠲᠡᠯ᠎ᠡ ᠥᠷᠭᠡᠳᠬᠡᠪᠡ᠃ | | | | | | ︽ᠤᠶᠤᠨᠲᠤ ᠪᠣᠭᠤᠮᠲᠠ ᠶᠢᠨ ᠬᠦᠴᠦᠷᠬᠡᠭ ᠤᠯᠤᠰ︾ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠪᠠ | ︽ᠲᠠᠪᠤᠨ ᠶᠡᠭᠡ ᠡᠭᠦᠷᠭᠡ︾ ᠶᠢ ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠡᠷᠢᠶᠡᠨ ᠪᠣᠭᠤᠮᠲᠠ ᠶᠢᠨ ᠬᠢᠨ ︽ | ᠤᠶᠤᠨᠲᠤ ᠪᠣᠭᠤᠮᠲᠠ︾᠂ ︽ᠤᠶᠤᠨᠲᠤ ᠪᠣᠭᠤᠮᠲᠠ︾ ᠶᠢᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠲᠡᠮᠦᠷ ᠵᠠᠮ ᠤᠨ ᠰᠠᠯᠠᠭ᠎ᠠ | ᠮᠥᠴᠢᠷ ᠲᠠᠢ ᠬᠠᠮᠲᠤᠷᠠᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠠᠪᠴᠠᠩ ᠢ | ᠪᠠᠶᠢᠭᠤᠯᠵᠤ᠂ ᠪᠣᠭᠤᠮᠲᠠ᠂ ᠲᠡᠮᠦᠷ ᠵᠠᠮ ᠤᠨ ᠡᠯ᠎ᠡ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠶᠢ ᠪᠠᠷᠠᠭᠠᠨ ᠤ | ᠭᠦᠢᠯᠭᠡᠭᠡᠨ ᠤ ᠠᠵᠢᠯ ᠤᠨ ᠶᠠᠪᠤᠴᠠ ᠳᠤ ᠵᠦᠶ ᠵᠣᠬᠢᠰᠲᠠᠶ ᠰᠢᠭᠢᠳᠬᠡᠵᠦ᠂ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠪᠠᠷᠠᠭ᠎ᠠ ᠶᠢ ᠬᠢᠨᠠᠨ ᠬᠠᠮᠢᠶᠠᠷᠬᠤ ᠪᠠ ᠪᠠᠷᠠᠭᠠᠨ ᠤ ᠭᠦᠢᠯᠭᠡᠭᠡᠨ ᠤ ᠠᠵᠢᠯ ᠢ ᠨᠢᠭᠡ ᠯᠡ | ᠤᠳᠠᠭ᠎ᠠ ᠳᠤ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ ︽ᠲᠡᠮᠦᠷ ᠵᠠᠮ ᠢ ᠬᠢᠯᠢ ᠪᠠᠷ ᠣᠷᠣᠭᠤᠯᠤᠨ | ᠲᠦᠷᠭᠡᠨ ᠥᠩᠭᠡᠷᠡᠭᠦᠯᠬᠦ︾ ᠲᠤᠬᠠᠶᠢᠯᠠᠭᠰᠠᠨ ᠠᠵᠢᠯ ᠤᠨ ᠵᠠᠭᠪᠤᠷ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ︽ | ᠲᠡᠷᠭᠡᠨ ᠬᠠᠵᠠᠭᠤ ᠶᠢ ᠰᠢᠭᠤᠳ ᠳᠡᠭᠡᠭᠰᠢᠯᠡᠭᠦᠯᠬᠦ︾ ᠵᠡᠷᠭᠡ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠥᠷᠨᠢᠭᠦᠯᠵᠦ᠂ ︽ᠢᠨᠲ᠋ᠧᠷ ᠰᠦᠯᠵᠢᠶᠡᠨ ᠤ ᠪᠣᠭᠤᠮᠲᠠ︾ ᠶᠢᠨ ᠰᠦᠯᠵᠢᠶᠡᠨ ᠳᠡᠭᠡᠷ᠎ᠡ ᠭᠦᠢᠴᠡᠳᠭᠡᠬᠦ | ᠵᠦᠢᠯᠡᠰ ᠢ ᠡᠮᠬᠢᠯᠡᠨ ᠳᠢᠭᠯᠡᠵᠦ᠂ ᠠᠵᠤ ᠠᠬᠤᠶᠢᠯᠠᠯ ᠳᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ | ᠭᠦᠢᠴᠡᠳᠭᠡᠬᠦ᠂ ᠪᠣᠭᠤᠮᠲᠠ ᠶᠢᠨ ᠡᠭᠡᠯᠵᠢ ᠶᠢᠨ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ | 70% ᠠᠴᠠ ᠳᠡᠭᠡᠭᠰᠢ ᠳᠡᠭᠡᠭᠰᠢᠯᠡᠭᠦᠯᠦᠨ᠎ᠡ᠃ | |