【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠡᠨᠡ ᠵᠢᠯ ᠤᠨ ᠬᠢᠯᠢ ᠪᠠᠷ ᠣᠷᠣᠭᠤᠯᠵᠤ ᠭᠠᠷᠭᠠᠬᠤ ᠬᠥᠮᠦᠨ ᠤ ᠲᠤᠭ᠎ᠠ 60 ᠲᠦᠮᠡᠨ ᠬᠥᠮᠦᠨ ᠤᠳᠠᠭ᠎ᠠ ᠳᠤ ᠬᠦᠷᠴᠡᠶ
ᠨᠡᠶᠢᠲᠡᠯᠡᠭᠰᠡᠨ ᠴᠠᠭ᠄
2024/4/22
      ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠪᠦᠷᠢᠳᠬᠡᠯ ᠢ ᠦᠨᠳᠦᠰᠦᠯᠡᠪᠡᠯ᠂ 4 ᠰᠠᠷ᠎ᠠ ᠶᠢᠨ 20 ᠤ ᠡᠳᠦᠷ ᠤᠨ 15 ᠴᠠᠭ ᠪᠣᠯᠲᠠᠯ᠎ᠠ᠂ ᠡᠷᠢᠶᠡᠨ ᠬᠤᠲᠠ ᠶᠢᠨ ᠬᠢᠯᠢ ᠪᠠᠷ  ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠬᠢᠯᠢ ᠪᠠᠷ ᠣᠷᠣᠵᠤ ᠭᠠᠷᠬᠤ ᠬᠥᠮᠦᠰ 60 ᠲᠦᠮᠡᠨ ᠬᠥᠮᠦᠨ ᠤᠳᠠᠭ᠎ᠠ ᠳᠤ ᠬᠦᠷᠴᠡᠶ᠃ ᠡᠭᠦᠨ ᠳᠤ ᠭᠠᠭᠴᠠ ᠡᠳᠦᠷ ᠨᠢ ᠬᠠᠮᠤᠭ ᠤᠨ ᠥᠨᠳᠥᠷ ᠲᠡᠭᠡᠨ 1 1049 ᠬᠥᠮᠦᠨ ᠤᠳᠠᠭ᠎ᠠ ᠳᠤ ᠬᠦᠷᠪᠡ᠃
    ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠲᠠᠢ ᠨᠡᠭᠡᠭᠡᠯᠲᠡ ᠲᠠᠢ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠤᠨ᠎ᠠ᠂ ᠮᠥᠨᠴᠦ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠪᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠨ᠎ᠠ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠦᠷᠭᠦᠯᠵᠢᠯᠡᠨ ᠥᠷᠭᠡᠳᠪᠡ᠃ ᠣᠳᠣᠬᠠᠨ ᠳᠤ ᠡᠷᠢᠶᠡᠨ ᠪᠣᠭᠤᠮᠲᠠ ᠶᠢᠨ ᠲᠦᠷᠭᠡᠨ ᠨᠡᠪᠲᠡᠷᠡᠬᠦ ᠵᠠᠮ ᠢ ᠰᠡᠷᠭᠦᠭᠡᠵᠦ᠂ ᠠᠶᠠᠨᠴᠢᠳ ᠤᠨ ︽ᠨᠢᠭᠤᠷ ᠰᠢᠷᠪᠡᠯᠳᠠ︾ ᠪᠠᠷ ᠪᠣᠭᠤᠮᠲᠠ ᠥᠩᠭᠡᠷᠡᠬᠦ ᠶᠢ ᠰᠡᠷᠭᠦᠭᠡᠪᠡ᠃      ᠬᠥᠮᠦᠨ ᠤ ᠤᠷᠤᠰᠬᠠᠯ᠂ ᠲᠡᠷᠭᠡᠨ ᠤ ᠤᠷᠤᠰᠬᠠᠯ ᠤᠨ ᠠᠮᠤᠷ ᠲᠦᠪᠰᠢᠨ ᠢᠶᠠᠷ ᠰᠠᠭᠠᠳ ᠦᠭᠡᠢ ᠥᠩᠭᠡᠷᠡᠬᠦ ᠶᠢ ᠪᠠᠲᠤᠯᠠᠬᠤ ᠶᠢᠨ ᠳᠣᠯᠠᠳᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠴᠠᠭᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠶᠢᠴᠠᠭᠠᠨ ᠰᠢᠯᠭᠠᠬᠤ ᠵᠠᠮ ᠢ ᠤᠷᠢᠳᠴᠢᠯᠠᠨ ᠨᠡᠭᠡᠭᠡᠵᠦ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠵᠦᠢᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ ᠬᠢᠯᠢ ᠪᠠᠷ ᠣᠷᠣᠵᠤ ᠭᠠᠷᠬᠤ ᠰᠠᠭᠠᠳ ᠦᠭᠡᠢ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠪᠤᠢ ᠪᠣᠯᠭᠠᠪᠠ᠃ ᠡᠭᠦᠷᠭᠡ ᠭᠦᠢᠴᠡᠳᠭᠡᠬᠦ ᠲᠤᠬᠠᠶ ᠶᠢᠨ ᠲᠠᠯᠠᠪᠤᠷ ᠤᠨ ᠠᠶᠠᠨᠴᠢᠳ ᠤᠨ ᠤᠷᠤᠰᠬᠠᠯ ᠤᠨ ᠬᠤᠪᠢᠷᠠᠯᠲᠠ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠠᠶᠠᠨᠴᠢᠳ ᠢ ᠬᠥᠲᠥᠯᠦᠨ ᠵᠢᠯᠣᠭᠤᠳᠬᠤ ᠪᠠ ᠠᠰᠠᠭᠤᠨ ᠯᠠᠪᠯᠠᠬᠤ ᠦᠢᠯᠡᠴᠢᠯᠡᠭᠡ ᠶᠢ ᠢᠳᠡᠪᠬᠢᠲᠡᠶ ᠰᠠᠶᠢᠲᠤᠷ ᠬᠢᠵᠦ᠂ ᠴᠠᠭ ᠲᠤ ᠨᠢ ᠲᠣᠬᠢᠷᠠᠭᠤᠯᠤᠨ ᠴᠠᠭᠳᠠᠭᠠᠨ ᠤ ᠬᠦᠴᠦᠨ ᠢ ᠨᠡᠮᠡᠨ ᠲᠣᠮᠢᠯᠠᠵᠤ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠨᠴᠠᠭᠠᠶ  ᠬᠦᠮᠦᠰ ᠲᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠨ ᠥᠭᠴᠦ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠬᠥᠮᠦᠨ ᠬᠦᠯᠢᠶᠡᠬᠦ ᠲᠡᠷᠭᠡ᠂ ᠬᠦᠷᠦᠮᠡᠭᠴᠡ ᠪᠠᠶᠢᠴᠠᠭᠠᠬᠤ︾ ᠶᠢ ᠪᠠᠷᠢᠮᠲᠠᠯᠠᠵᠤ᠂ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢ ᠲᠡᠷᠡ ᠳᠠᠷᠤᠶ ᠳᠤᠨᠢ ᠪᠠᠶᠢᠴᠠᠭᠠᠵᠤ᠂ ᠳᠠᠷᠦ᠋ᠢᠬᠠᠨ ᠪᠠᠶᠢᠴᠠᠭᠠᠵᠤ ᠳᠠᠷᠦ᠋ᠢᠬᠠᠨ ᠲᠠᠯᠪᠢᠬᠤ ᠶᠢ ᠪᠠᠲᠤᠯᠠᠵᠤ᠂ ᠡᠳ᠋ ᠪᠠᠷᠠᠭ᠎ᠠ ᠶᠢᠨ ᠪᠣᠭᠤᠮᠲᠠ ᠪᠠᠷ ᠰᠢᠯᠣᠭᠤᠨ ᠥᠩᠭᠡᠷᠡᠬᠦ ᠶᠢ ᠪᠡᠶᠡᠯᠡᠭᠦᠯᠵᠦ᠂ ᠠᠶᠠᠨᠴᠢᠳ᠂ ᠲᠡᠷᠭᠡᠨ ᠤ ᠴᠤᠪᠤᠷᠠᠯ ᠤᠨ ᠥᠨᠳᠥᠷ ᠪᠦᠲᠦᠮᠵᠢᠲᠡᠶ ᠰᠠᠭᠠᠳ ᠥᠬᠡᠶ ᠪᠣᠭᠤᠮᠲᠠ ᠪᠠᠷ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠳᠣᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号