| | | | | | 4 ᠰᠠᠷ᠎ᠠ ᠶᠢᠨ 21 ᠤ ᠡᠳᠦᠷ᠂ 55 ᠪᠠᠷᠢᠮᠵᠢᠶᠠᠲᠤ ᠬᠠᠶᠢᠷᠴᠠᠭ ᠢ ᠳᠦᠭᠦᠷᠲᠡᠯ᠎ᠡ ᠲᠡᠭᠡᠭᠡᠭᠰᠡᠨ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠡᠷᠢᠶᠡᠨ ᠬᠤᠳᠠ ᠶᠢᠨ ᠲᠡᠮᠦᠷ ᠵᠠᠮ ᠤᠨ ᠪᠠᠷᠠᠭᠠᠨ ᠤ ᠲᠠᠯᠠᠪᠠᠢ ᠠᠴᠠ ᠭᠠᠷᠴᠤ᠂ | ᠧᠦ᠋ᠷᠣᠫᠠ ᠲᠢᠪ ᠤᠨ ᠡᠬᠡ ᠬᠠᠭᠤᠷᠠᠢ ᠵᠦᠭ ᠠᠶᠠᠯᠠᠪᠠ᠂ ᠡᠨᠡ ᠪᠣᠯ ᠡᠨᠡ ᠵᠢᠯ ᠠᠴᠠ ᠨᠠᠰᠢ ᠡᠷᠢᠶᠡᠨ ᠲᠡᠮᠦᠷ ᠵᠠᠮ ᠤᠨ | ᠪᠣᠭᠤᠮᠲᠠ ᠪᠠᠷ ᠬᠢᠯᠢ ᠪᠠᠷ ᠣᠷᠣᠵᠤ ᠭᠠᠷᠬᠤ 1000 ᠭᠠᠷᠤᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ | ᠪᠠᠶᠢᠵᠤ᠂ ᠨᠢᠳᠤᠨᠤᠨ ᠤ ᠬᠢ ᠠᠴᠠ 8 ᠡᠳᠦᠷ ᠤᠷᠢᠳᠴᠢᠯᠠᠨ ᠮᠢᠩᠭᠠᠨ ᠴᠤᠪᠤᠭ᠎ᠠ ᠪᠣᠭᠤᠮᠲᠠ ᠶᠢ ᠳᠠᠪᠠᠭᠰᠠᠨ ᠶᠠᠪᠤᠳᠠᠯ | ᠪᠣᠯᠤᠨ᠎ᠠ᠃ | ᠡᠷᠢᠶᠡᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ | ᠳᠤᠮᠳᠠ ᠵᠠᠮ︾ ᠤᠨ ᠴᠤᠷ ᠤᠨ ᠭᠠᠭᠴᠠ ᠬᠢᠯᠢ ᠪᠠᠷ ᠣᠷᠣᠵᠤ ᠭᠠᠷᠬᠤ ᠪᠣᠭᠤᠮᠲᠠ ᠪᠣᠯᠣᠨ᠎ᠠ᠃ 2013 ᠣᠨ ᠳᠤ | ᠠᠩᠬᠠᠳᠠᠭᠴᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠠᠴᠠ ᠤᠳᠤ ᠪᠣᠯᠲᠠᠯ᠎ᠠ᠂ ᠵᠢᠰᠢᠶᠠᠨ ᠤ | ᠭᠠᠯᠲᠤ ᠲᠡᠷᠭᠡ ᠶᠢᠨ ᠲᠡᠭᠡᠭᠡᠪᠦᠷᠢ ᠪᠠᠷᠠᠭᠠᠨ ᠤ ᠲᠦᠷᠦᠯ ᠵᠦᠢᠯ ᠡᠳᠦᠷ ᠢᠷᠡᠬᠦᠶ᠎ᠡ ᠪᠠᠶᠠᠯᠢᠭᠵᠢᠵᠤ᠂ ᠮᠠᠰᠢᠨ ᠲᠡᠷᠭᠡ᠂ | ᠺᠣᠮᠫᠢᠦ᠋ᠲ᠋ᠧᠷ᠂ ᠮᠠᠰᠢᠨ ᠬᠥᠮᠥᠨ ᠵᠡᠷᠭᠡ ᠥᠨᠳᠥᠷ ᠨᠡᠮᠡᠯᠲᠡ ᠦᠷᠳᠡᠭ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ | ᠲᠠᠸᠠᠷ ᠤᠨ ᠡᠵᠡᠯᠡᠬᠦ ᠬᠠᠷᠢᠴᠠᠯ ᠵᠢᠯ ᠳᠠᠷᠠᠭᠠᠯᠠᠨ ᠳᠡᠭᠡᠭᠰᠢᠯᠡᠵᠦ᠂ ᠨᠢᠭᠡᠨᠲᠡ 40% ᠠᠴᠠ ᠳᠡᠭᠡᠭᠰᠢ ᠳᠤ ᠬᠦᠷᠴᠡᠢ᠃ | ᠢᠯᠠᠩᠭᠤᠶ᠎ᠠ ᠤᠯᠤᠰ ᠲᠠᠭᠠᠨ ᠦᠢᠯᠡᠳᠪᠦᠷᠢᠯᠡᠭᠰᠡᠨ ᠮᠠᠰᠢᠨ ᠲᠡᠷᠭᠡᠨ ᠤ ᠭᠠᠳᠠᠭᠠᠳᠤ ᠳᠠᠬᠢ ︽ᠴᠠᠭᠠᠷᠢᠭ︾ ᠤᠨ ᠨᠤᠨᠳᠠᠭ ᠡᠨᠡ | ᠵᠢᠯ ᠠᠴᠠ ᠨᠠᠰᠢ ᠡᠷᠢᠶᠡᠨ ᠲᠡᠮᠦᠷ ᠵᠠᠮ ᠤᠨ ᠪᠣᠭᠤᠮᠲᠠ ᠪᠠᠷ ᠳᠡᠮᠵᠢᠨ ᠭᠠᠳᠠᠭᠠᠳᠤ ᠳᠤ ᠭᠠᠷᠭᠠᠭᠰᠠᠨ ᠤᠯᠤᠰ ᠲᠠᠭᠠᠨ | ᠦᠢᠯᠡᠳᠪᠦᠷᠢᠯᠡᠭᠰᠡᠨ ᠮᠠᠰᠢᠨ ᠲᠡᠷᠭᠡ ᠨᠢᠭᠡᠨᠲᠡ 60 ᠴᠤᠪᠤᠭ᠎ᠠ ᠬᠦᠷᠴᠦ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ | 12.0% ᠶᠢ ᠡᠵᠡᠯᠡᠵᠦ᠂ ᠠᠳᠠᠯᠢ ᠬᠤᠭᠤᠴᠠᠭᠠᠨ ᠤ ᠬᠠᠮᠤᠭ ᠤᠨ ᠰᠠᠶᠢᠨ ᠬᠢᠷᠢ ᠲᠦᠪᠰᠢᠨ ᠢ ᠡᠭᠦᠳᠪᠡ᠃ | ᠣᠳᠣᠬᠠᠨ ᠪᠣᠯᠲᠠᠯ᠎ᠠ᠂ ᠡᠷᠢᠶᠡᠨ ᠲᠡᠮᠦᠷ ᠵᠠᠮ ᠤᠨ ᠪᠣᠭᠤᠮᠲᠠ ᠡᠨᠡ ᠵᠢᠯ ᠳᠤᠮᠳᠠᠳᠤ ᠡᠸᠦ᠋ᠷᠦᠫᠡ ᠶᠢᠨ ᠵᠢᠰᠢᠶᠠᠨ ᠤ | ᠭᠠᠯᠲᠤ ᠲᠡᠷᠭᠡ ᠶᠢ ᠨᠡᠶᠢᠲᠡ 1001 ᠤᠳᠠᠭ᠎ᠠ ᠨᠡᠪᠲᠡᠷᠡᠭᠦᠯᠵᠦ᠂ 11.3 ᠲᠦᠮᠡᠨ ᠪᠠᠷᠠᠭ᠎ᠠ ᠪᠠᠨ ᠵᠥᠭᠡᠭᠡᠪᠦᠷᠢᠯᠡᠨ | ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 7.8%᠂ 9.2% ᠢᠶᠠᠷ ᠨᠡᠮᠡᠭᠳᠡᠵᠦ᠂ ᠲᠡᠦᠬᠡ ᠶᠢᠨ ᠠᠳᠠᠯᠢ | ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠴᠦ᠂ ᠡᠯ᠎ᠡ ᠵᠦᠢᠯ ᠤᠨ ᠲᠤᠭ᠎ᠠ ᠪᠠᠷᠢᠮᠲᠠ ᠶᠢ ᠲᠣᠭᠲᠠᠭᠤᠨ ᠢᠶᠠᠷ ᠨᠡᠮᠡᠭᠳᠡᠭᠦᠯᠪᠡ᠃ | | | |