ᠪᠧᠨ ᠪᠧᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠤ ᠠᠵᠢᠯ ᠡᠬᠢᠯᠡᠭᠦᠯᠬᠦ ᠶᠣᠰᠣᠯᠠᠯ ᠵᠢᠴᠢ ᠮᠠᠯᠴᠢᠳ ᠤᠨ ᠠᠰᠢᠭ  ᠬᠤᠪᠢᠶᠠᠷᠢᠯᠠᠬᠤ  ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/23
      4 ᠰᠠᠷ᠎ᠠ ᠶᠢᠨ 19 ᠤ ᠡᠳᠦᠷ᠂ ᠡᠷᠳᠡᠨᠢᠭᠤᠪᠢ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠤᠨ ᠪᠧᠨ ᠪᠧᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠠᠵᠢᠯ ᠡᠬᠢᠯᠡᠬᠦ ᠶᠣᠰᠣᠯᠠᠯ ᠵᠢᠴᠢ ᠮᠠᠯᠴᠢᠳ ᠤᠨ ᠠᠰᠢᠭ ᠬᠤᠪᠢᠶᠠᠷᠢᠯᠠᠬᠤ ᠶᠡᠭᠡ ᠬᠤᠷᠠᠯ ᠬᠤᠷᠠᠯᠳᠤᠪᠠ᠃
      ᠪᠧᠨ ᠪᠧᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠶᠡᠷᠦᠩᠬᠡᠶ ᠪᠠᠯᠠ ᠣᠷᠣᠭᠤᠯᠤᠯᠲᠠ 1722 ᠲᠦᠮᠡᠨ ᠲᠥᠭᠦᠷᠢᠭ ᠪᠠᠶᠢᠵᠤ᠂ 300 ᠮᠥ ᠲᠠᠯᠠᠪᠠᠶ ᠡᠵᠡᠯᠡᠨ᠂ ᠣᠳᠣᠬᠠᠨ ᠳᠤ ᠨᠢᠭᠡᠨᠲᠡ ᠠᠩᠭᠧᠰ ᠦᠬᠡᠷ 400 ᠭᠠᠷᠤᠶ ᠪᠠᠶᠢᠨ᠎ᠠ᠃ ᠲᠣᠰ ᠰᠠᠭᠤᠷᠢᠨ ᠭᠠᠵᠠᠷ ᠨᠢ ︽ᠭᠠᠴᠠᠭᠠᠨ ᠤ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ᠂ ᠬᠠᠮᠲᠤ ᠪᠠᠷ ᠠᠰᠢᠭ ᠭᠥᠷᠳᠡᠬᠦ︾ ᠬᠥᠭᠵᠢᠯᠲᠡ ᠶᠢᠨ ᠵᠠᠭᠪᠤᠷ ᠢ ᠠᠪᠴᠤ᠂ ᠣᠳᠣᠬᠢᠴᠢᠯᠠᠬᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠶᠢ ᠨᠢᠭᠡ ᠪᠡᠶ᠎ᠡ ᠳᠤ ᠲᠥᠪᠯᠡᠷᠡᠭᠦᠯᠦᠨ᠎ᠡ᠃ ᠥᠮᠴᠢᠯᠡᠬᠦ ᠡᠷᠬᠡ ᠨᠢ ᠡᠷᠳᠡᠨᠢᠭᠤᠪᠢ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠳᠤ ᠬᠠᠷᠢᠶᠠᠯᠠᠭᠳᠠᠵᠤ᠂ ᠠᠵᠤ ᠠᠬᠤᠶᠢᠯᠠᠯ ᠨᠢ ᠵᠢᠯ ᠪᠦᠷᠢ ᠳᠠᠯᠠᠪᠣᠷ ᠭᠠᠵᠠᠷ ᠤᠨ ᠳᠦᠷᠢᠶᠡᠰᠦᠯᠡᠭᠰᠡᠨ ᠮᠦᠩᠬᠦ ᠶᠢ ᠭᠠᠴᠠᠭᠠᠨ ᠤ ᠬᠠᠮᠲᠤ ᠳᠤ ᠲᠤᠰᠢᠶᠠᠵᠤ᠂ ᠵᠢᠯ ᠪᠦᠷᠢ ᠭᠠᠴᠠᠭᠠᠨ ᠤ ᠬᠠᠮᠲᠤ ᠳᠤ 50 ᠭᠠᠷᠤᠶ ᠲᠦᠮᠡᠨ ᠲᠥᠭᠦᠷᠢᠭ ᠤᠨ ᠣᠷᠣᠯᠭ᠎ᠠ ᠣᠯᠭᠤᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃ ᠡᠨᠡ ᠨᠢ ᠡᠷᠳᠡᠨᠢᠭᠤᠪᠢ ᠭᠠᠴᠠᠭᠠᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠴᠢᠬᠤᠯᠠ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃
      ᠲᠤᠬᠠᠶ ᠶᠢᠨ ᠲᠠᠯᠠᠪᠠᠶ ᠳᠤ᠂ ᠡᠷᠳᠡᠨᠢᠭᠤᠪᠢ ᠭᠠᠴᠠᠭᠠᠨ ᠤ ᠨᠠᠮ ᠤᠨ ᠡᠭᠦᠷ ᠨᠢ ᠥᠪᠥᠷ ᠮᠣᠩᠭᠤᠯ ᠤᠨ ᠵᠢᠶᠠ ᠯᠢ ᠤᠰᠤ ᠠᠷᠪᠢᠯᠠᠬᠤ ᠤᠰᠤᠯᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠡᠭᠦᠷ ᠲᠠᠢ ︽ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ︾ ᠪᠠ ᠬᠠᠮᠲᠤᠷᠠᠯᠴᠠᠭᠠᠨ ᠤ ᠭᠡᠷ᠎ᠡ ᠲᠣᠭᠲᠠᠵᠤ᠂ ᠮᠠᠯᠴᠢᠳ ᠲᠤ ᠬᠡᠭᠡᠯᠲᠦᠭᠦᠯᠭᠡ ᠬᠢᠬᠦ᠂ ᠳᠡᠵᠢᠬᠡᠵᠦ ᠪᠣᠷᠳᠣᠬᠤ᠂ ᠡᠬᠦᠯᠳᠡᠷ ᠰᠠᠶᠢᠵᠢᠷᠠᠭᠤᠯᠬᠤ᠂ ᠡᠪᠡᠰᠦ ᠬᠤᠳᠠᠯᠳᠤᠨ ᠠᠪᠬᠤ ᠵᠡᠷᠭᠡ ᠮᠡᠷᠭᠡᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠯ ᠬᠠᠩᠭᠠᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠠᠷᠪᠢᠯᠠᠵᠤ᠂ ᠲᠡᠵᠢᠭᠡᠨ ᠦᠷᠡᠵᠢᠭᠦᠯᠬᠦ ᠣᠷᠣᠯᠭ᠎ᠠ ᠶᠢ ᠳᠡᠭᠡᠭᠰᠢᠯᠡᠭᠦᠯᠬᠦ ᠪᠠᠷ ᠲᠥᠯᠥᠪᠯᠡᠵᠦ ᠪᠣᠶ᠃
     ᠡᠷᠳᠡᠨᠢᠭᠤᠪᠢ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠪᠠᠶᠢᠭᠤᠯᠤᠭᠳᠠᠭᠰᠠᠨ ᠠᠴᠠ ᠨᠠᠰᠢ᠂ ᠨᠠᠮ ᠤᠨ ᠡᠭᠦᠷ ᠪᠣᠯᠤᠨ ᠬᠠᠮᠲᠤ ᠶᠢᠨ ᠬᠤᠷᠰᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠮᠠᠯᠴᠢᠳ ᠤᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠲᠡᠳᠡᠨ ᠳᠤ ᠨᠠᠩ ᠰᠠᠶᠢᠨ ᠠᠮᠢᠳᠤᠷᠠᠯ ᠦᠢᠯᠡᠳᠪᠦᠷᠢᠯᠡᠯ ᠤᠨ ᠨᠥᠬᠦᠴᠡᠯ ᠬᠠᠩᠭᠠᠭᠰᠠᠨ ᠪᠠᠶᠢᠨ᠎ᠠ᠃ ᠲᠤᠬᠠᠶ ᠶᠢᠨ ᠡᠳᠦᠷ᠂ ᠭᠠᠴᠠᠭ᠎ᠠ 28 ᠲᠦᠮᠡᠨ ᠲᠥᠭᠦᠷᠢᠭ ᠤᠨ ᠬᠠᠮᠲᠤ ᠶᠢᠨ ᠣᠷᠣᠯᠭ᠎ᠠ ᠶᠢ ᠡᠪᠡᠰᠦ ᠪᠣᠷᠳᠤᠭ᠎ᠠ ᠪᠣᠯᠭᠠᠨ ᠨᠤᠭᠤᠯᠤᠨ ᠪᠤᠳᠤᠵᠤ ᠬᠤᠷᠰᠢᠶᠠᠨ ᠤ ᠬᠤᠪᠢ ᠣᠷᠣᠭᠤᠯᠣᠭᠰᠠᠨ ᠠᠷᠠᠳ ᠲᠤ  ᠬᠤᠪᠢᠶᠠᠵᠦ ᠦᠭᠪᠡ᠃      ᠡᠷᠳᠡᠨᠢᠭᠤᠪᠢ ᠭᠠᠴᠠᠭᠠᠨ ᠤ ᠮᠠᠯᠴᠢᠨ ᠥᠯᠵᠡᠶᠢᠪᠠᠶᠠᠷ ᠬᠡᠯᠡᠬᠦ ᠳᠡᠭᠡᠨ᠄ ︽ᠭᠠᠴᠠᠭᠠᠨ ᠤ ᠬᠤᠷᠰᠢᠶ᠎ᠠ ᠠᠴᠠ ᠮᠠᠯᠴᠢᠳ ᠲᠤ ᠪᠣᠷᠳᠤᠭ᠎ᠠ ᠲᠦᠭᠡᠭᠡᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠢ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号