ᠡᠷᠢᠶᠡᠨ ᠪᠣᠭᠤᠮᠳᠠ ᠶᠢᠨ ᠨᠢᠭᠡᠳᠦᠬᠡᠷ ᠣᠯᠠᠷᠢᠯ ᠳᠤ ᠬᠢᠯᠢ ᠪᠠᠷ ᠣᠷᠣᠵᠦ ᠢᠷᠡᠭᠰᠡᠨ ᠬᠦᠮᠦᠨ ᠤ ᠳᠤᠭ᠎ᠠ ᠨᠠᠶᠢᠳᠠ26 ᠳᠦᠮᠡᠨ ᠣᠳᠠᠭ᠎ᠠ ᠳᠤ ᠬᠦᠷᠪᠡ
ᠨᠡᠶᠢᠲᠡᠯᠡᠭᠰᠡᠨ ᠴᠠᠭ᠄
2024/4/23
    ᠳᠤᠮᠳᠠᠳᠤ ᠮᠣᠩᠭᠤᠯ ᠤᠨ 8 ᠰᠠᠭᠤᠳᠠᠯ ᠠᠴᠠ ᠳᠣᠷᠣᠭᠰᠢᠬᠢ ᠬᠤᠪᠢ ᠶᠢᠨ ᠲᠡᠷᠭᠡ ᠵᠢᠯᠣᠭᠤᠳᠤᠨ ᠪᠣᠭᠤᠮᠲᠠ ᠥᠩᠭᠡᠷᠡᠬᠦ ᠳᠤ ᠳᠦᠬᠦᠮ ᠦᠵᠡᠬᠦᠯᠬᠦ ᠲᠥᠷᠥ ᠶᠢᠨ ᠪᠣᠳᠣᠯᠭ᠎ᠠ ᠶᠢᠨ ᠰᠡᠳᠡᠯᠲᠡ ᠳᠣᠤᠷ᠎ᠠ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠵᠠᠬ᠎ᠠ ᠳᠡᠯᠭᠡᠭᠦᠷ ᠲᠠᠰᠤᠷᠠᠯᠲᠠ ᠥᠬᠡᠶ ᠥᠷᠭᠡᠳᠴᠦ᠂ ᠰᠣᠶᠣᠯ ᠵᠢᠭᠤᠯᠴᠢᠯᠠᠯ ᠤᠨ ᠰᠣᠯᠢᠯᠴᠠᠭ᠎ᠠ ᠡᠳᠦᠷ ᠢᠷᠡᠬᠦᠶ᠎ᠡ ᠣᠯᠠᠰᠢᠷᠠᠪᠠ᠃ ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠬᠤᠲᠠ ᠬᠢᠯᠢ ᠪᠠᠷ ᠣᠷᠣᠵᠤ ᠢᠷᠡᠭᠰᠡᠨ ᠵᠢᠭᠤᠯᠴᠢᠯᠠᠭᠴᠢᠳ ᠨᠠᠶᠢᠳᠠ 26 ᠲᠦᠮᠡᠨ ᠬᠥᠮᠦᠨ ᠤᠳᠠᠭ᠎ᠠ ᠳᠤ ᠬᠦᠷᠴᠦ᠂ ᠬᠢᠯᠢ ᠳᠤ ᠣᠷᠣᠭᠰᠠᠨ ᠲᠡᠷᠭᠡ 3.5 ᠲᠦᠮᠡ ᠬᠦᠷᠴᠦ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠬᠦᠷ ᠬᠦᠭᠵᠢᠶᠡᠨ ᠲᠠᠢ ᠴᠠᠭ ᠦᠶ᠎ᠡ ᠬᠦᠷᠴᠦ ᠢᠷᠡᠪᠡ᠃      ᠳᠤᠮᠳᠠᠳᠤ ᠮᠣᠩᠭᠤᠯ ᠣᠷᠣᠰ ᠤᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠳᠣᠯᠠᠳᠠ᠂ ᠥᠪᠥᠷ ᠮᠣᠩᠭᠤᠯ ᠣᠯᠠᠨ ᠤᠯᠤᠰ ᠤᠨ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠮᠢᠩᠭᠠᠨ ᠲᠡᠷᠭᠡ ᠲᠦᠮᠡᠨ ᠬᠥᠮᠦᠨ︾ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠬᠤᠪᠢ  ᠶᠢᠨ ᠮᠠᠰᠢᠨ ᠢᠶᠠᠷ ᠵᠢᠭᠤᠯᠴᠢᠯᠠᠬᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠳᠤᠮᠳᠠᠳᠤ ᠮᠣᠩᠭᠤᠯ ᠣᠷᠣᠰ ᠤᠨ ︽ᠭᠤᠷᠪᠠᠨ ᠨᠠᠭᠤᠷ ᠤᠨ ᠵᠢᠭᠤᠯᠴᠢᠯᠠᠯ︾ ᠤᠨ ᠬᠢᠯᠢ ᠠᠯᠤᠰᠯᠠᠨ ᠬᠤᠪᠢ ᠶᠢᠨ ᠮᠠᠰᠢᠨ ᠢᠶᠠᠷ ᠵᠢᠭᠤᠯᠴᠢᠯᠠᠬᠤ ᠵᠠᠮ ᠱᠤᠭᠤᠮ ᠤᠨ ᠪᠠᠶᠢᠴᠠᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠬᠢᠯᠢ ᠠᠯᠤᠰᠯᠠᠨ  ᠬᠤᠪᠢ ᠶᠢᠨ ᠮᠠᠰᠢᠨ ᠢᠶᠠᠷ ᠵᠢᠭᠤᠯᠴᠢᠯᠠᠬᠤ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠣᠷᠣᠰ ᠮᠣᠩᠭᠤᠯ ᠤᠨ ᠵᠠᠬ᠎ᠠ ᠳᠡᠯᠭᠡᠭᠦᠷ ᠤᠨ ᠵᠢᠭᠤᠯᠴᠢᠯᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠪᠠ᠃      ᠣᠶᠢᠯᠠᠭᠠᠭᠰᠠᠨ ᠢᠶᠠᠷ᠂ ᠡᠨᠡ ᠵᠢᠯ ᠡᠷᠢᠶᠡᠨ ᠪᠣᠭᠤᠮᠲᠠ ᠪᠠᠷ ᠣᠷᠣᠵᠤ ᠢᠷᠡᠭᠰᠡᠨ ᠮᠣᠩᠭᠤᠯ ᠤᠯᠤᠰ ᠤᠨ ᠵᠤᠭᠠᠴᠠᠭᠰᠠᠳ ᠵᠢᠭᠤᠯᠴᠢᠯᠠᠯ ᠤᠨ ᠱᠤᠭᠤᠮ ᠨᠢ ᠡᠷᠢᠶᠡᠨ ᠬᠤᠲᠠ - ᠬᠥᠬᠡᠬᠤᠲᠠ - ᠤᠯᠠᠭᠠᠨᠴᠠᠪ ᠤᠨ ᠯᠢᠨ ᠬᠧ ᠭᠦ᠋ ᠰᠠᠢ - ᠳ᠋ᠠᠲ᠋ᠦ᠋ᠩ - ᠪᠡᠭᠡᠵᠢᠩ ᠪᠣᠯᠤᠨ᠎ᠠ᠃ ᠬᠠᠪᠤᠷ ᠵᠤᠨ ᠤ ᠤᠯᠠᠷᠢᠯ ᠳᠤ᠂ ᠡᠷᠢᠶᠡᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠣᠭᠤᠮᠲᠠ ᠶᠢᠨ ᠭᠠᠵᠠᠷ ᠣᠷᠣᠨ ᠤ ᠳᠦᠷᠰᠦ  ᠪᠠᠶᠢᠳᠠᠯ ᠢ ᠠᠭᠤᠰᠣᠯᠴᠠᠭᠤᠯᠵᠦ᠂ ᠦᠵᠡᠮᠵᠢ ᠶᠢᠨ ᠣᠷᠣᠨ ᠤ ᠬᠠᠷᠠᠭᠠᠯᠵᠠᠯ ᠲᠠᠢ ᠪᠢᠯᠧᠲ ᠤᠨ ᠦᠨ᠎ᠡ ᠵᠡᠷᠭᠡ ᠠᠷᠭ᠎ᠠ ᠬᠡᠯᠪᠡᠷᠢ ᠪᠠᠷ ᠭᠠᠳᠠᠭᠠᠳᠤ ᠶᠢᠨ ᠵᠢᠭᠤᠯᠴᠢᠯᠠᠭᠴᠢᠳ ᠢ ᠲᠠᠲᠠᠵᠤ ᠠᠪᠴᠢᠷᠠᠵᠠᠢ᠃      ᠡᠷᠢᠶᠡᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠯᠢ ᠬᠤᠸᠠ᠄ ︽ᠲᠠᠷᠠᠭᠠᠴᠢ ᠶᠢᠨ ᠠᠯᠬᠤᠮ ᠳᠤ᠂ ᠪᠢᠳᠡ ᠬᠢᠯᠢ ᠳᠤ ᠣᠷᠣᠵᠤ ᠢᠷᠡᠭᠰᠡᠨ ᠮᠣᠩᠭᠤᠯ ᠤᠯᠤᠰ ᠤᠨ ᠬᠤᠳᠠᠯᠳᠤᠭᠠᠴᠢᠨ ᠤ ᠤᠬᠠᠭᠤᠯᠭ᠎ᠠ ᠪᠠᠨ ᠴᠢᠩᠭᠠᠳᠬᠠᠵᠤ᠂ ᠲᠡᠳᠡᠨ ᠤ ᠡᠷᠢᠶᠡᠨ ᠬᠤᠲᠠ ᠳᠠᠬᠢ ᠵᠢᠭᠤᠯᠴᠢᠯᠠᠯ ᠤᠨ ᠣᠶᠢᠯᠠᠭᠠᠯᠲᠠ ᠪᠠᠨ ᠨᠡᠮᠡᠭᠳᠡᠭᠦᠯᠵᠦ᠂ ᠨᠠᠩ ᠣᠯᠠᠨ ᠪᠠᠶᠠᠯᠢᠭ ᠰᠠᠶᠢᠬᠠᠨ ᠵᠢᠭᠤᠯᠴᠢᠯᠠᠯ ᠤᠨ ᠲᠥᠷᠥᠯ ᠵᠦᠢᠯ ᠭᠠᠷᠭᠠᠵᠤ᠂ ᠲᠡᠳᠡᠨ ᠢ ᠪᠠᠶᠠᠷ ᠬᠥᠷ ᠲᠠᠢ ᠵᠣᠭᠠᠴᠠᠭᠤᠯᠬᠤ ᠪᠠᠷ ᠪᠠᠶᠢᠨ᠎ᠠ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号