| | | | 4 ᠰᠠᠷ᠎ᠠ ᠶᠢᠨ 21 ᠤ ᠡᠳᠦᠷ᠂ 55 ᠪᠠᠷᠢᠮᠵᠢᠶᠠᠲᠤ ᠬᠠᠶᠢᠷᠴᠠᠭ ᠢ ᠳᠦᠭᠦᠷᠲᠡᠯ᠎ᠡ ᠲᠡᠭᠡᠭᠡᠭᠰᠡᠨ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠡᠷᠢᠶᠡᠨ ᠬᠤᠳᠠ ᠶᠢᠨ ᠲᠡᠮᠦᠷ ᠵᠠᠮ ᠤᠨ ᠪᠠᠷᠠᠭᠠᠨ ᠤ ᠲᠠᠯᠠᠪᠠᠢ ᠠᠴᠠ | ᠭᠠᠷᠴᠤ᠂ ᠧᠦ᠋ᠷᠣᠫᠠ ᠲᠢᠪ ᠤᠨ ᠡᠬᠡ ᠬᠠᠭᠤᠷᠠᠢ ᠵᠦᠭ ᠠᠶᠠᠯᠠᠪᠠ᠂ ᠡᠨᠡ ᠪᠣᠯ ᠡᠨᠡ ᠵᠢᠯ ᠠᠴᠠ ᠨᠠᠰᠢ ᠡᠷᠢᠶᠡᠨ ᠲᠡᠮᠦᠷ | ᠵᠠᠮ ᠤᠨ ᠪᠣᠭᠤᠮᠲᠠ ᠪᠠᠷ ᠬᠢᠯᠢ ᠪᠠᠷ ᠣᠷᠣᠵᠤ ᠭᠠᠷᠬᠤ 1000 ᠭᠠᠷᠤᠢ ᠳᠤᠮᠳᠠᠳᠤ ᠡᠸᠦ᠋ᠷᠦᠫᠡ ᠶᠢᠨ ᠵᠢᠰᠢᠶᠠᠨ ᠤ | ᠭᠠᠯᠲᠤ ᠲᠡᠷᠭᠡ ᠪᠠᠶᠢᠵᠤ᠂ ᠨᠢᠳᠤᠨᠤᠨ ᠤ ᠬᠢ ᠠᠴᠠ 8 ᠡᠳᠦᠷ ᠤᠷᠢᠳᠴᠢᠯᠠᠨ ᠮᠢᠩᠭᠠᠨ ᠴᠤᠪᠤᠭ᠎ᠠ ᠪᠣᠭᠤᠮᠲᠠ ᠶᠢ | ᠳᠠᠪᠠᠭᠰᠠᠨ ᠶᠠᠪᠤᠳᠠᠯ ᠪᠣᠯᠤᠨ᠎ᠠ᠃ | ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠡᠷᠢᠶᠡᠨ | ᠬᠤᠲᠠ ᠶᠢᠨ ᠤᠯᠤᠰ ᠤᠨ ᠬᠠᠭᠠᠯᠭ᠎ᠠ ᠪᠠᠷ ᠥᠩᠭᠡᠷᠡᠪᠡ | ᠡᠷᠢᠶᠡᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ︽ᠳᠤᠮᠳᠠ ᠵᠠᠮ︾ ᠤᠨ ᠴᠤᠷ ᠤᠨ ᠭᠠᠭᠴᠠ ᠬᠢᠯᠢ ᠪᠠᠷ ᠣᠷᠣᠵᠤ ᠭᠠᠷᠬᠤ ᠪᠣᠭᠤᠮᠲᠠ ᠪᠣᠯᠣᠨ᠎ᠠ᠃ 2013 ᠣᠨ ᠳᠤ | ᠠᠩᠬᠠᠳᠠᠭᠴᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠠᠴᠠ ᠤᠳᠤ ᠪᠣᠯᠲᠠᠯ᠎ᠠ᠂ | ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠪᠠᠷᠠᠭᠠᠨ ᠤ ᠲᠦᠷᠦᠯ ᠵᠦᠢᠯ ᠡᠳᠦᠷ ᠢᠷᠡᠬᠦᠶ᠎ᠡ ᠪᠠᠶᠠᠯᠢᠭᠵᠢᠵᠤ᠂ ᠮᠠᠰᠢᠨ | ᠲᠡᠷᠭᠡ᠂ ᠺᠣᠮᠫᠢᠦ᠋ᠲ᠋ᠧᠷ᠂ ᠮᠠᠰᠢᠨ ᠬᠥᠮᠥᠨ ᠵᠡᠷᠭᠡ ᠥᠨᠳᠥᠷ ᠨᠡᠮᠡᠯᠲᠡ ᠦᠷᠳᠡᠭ᠂ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ ᠤᠨ ᠲᠠᠸᠠᠷ ᠤᠨ ᠡᠵᠡᠯᠡᠬᠦ ᠬᠠᠷᠢᠴᠠᠯ ᠵᠢᠯ ᠳᠠᠷᠠᠭᠠᠯᠠᠨ ᠳᠡᠭᠡᠭᠰᠢᠯᠡᠵᠦ᠂ ᠨᠢᠭᠡᠨᠲᠡ 40% ᠠᠴᠠ ᠳᠡᠭᠡᠭᠰᠢ ᠳᠤ | ᠬᠦᠷᠴᠡᠢ᠃ ᠢᠯᠠᠩᠭᠤᠶ᠎ᠠ ᠤᠯᠤᠰ ᠲᠠᠭᠠᠨ ᠦᠢᠯᠡᠳᠪᠦᠷᠢᠯᠡᠭᠰᠡᠨ ᠮᠠᠰᠢᠨ ᠲᠡᠷᠭᠡᠨ ᠤ ᠭᠠᠳᠠᠭᠠᠳᠤ ᠳᠠᠬᠢ | ︽ᠴᠠᠭᠠᠷᠢᠭ︾ ᠤᠨ ᠨᠤᠨᠳᠠᠭ ᠡᠨᠡ ᠵᠢᠯ ᠠᠴᠠ ᠨᠠᠰᠢ ᠡᠷᠢᠶᠡᠨ ᠲᠡᠮᠦᠷ ᠵᠠᠮ ᠤᠨ ᠪᠣᠭᠤᠮᠲᠠ ᠪᠠᠷ ᠳᠡᠮᠵᠢᠨ | ᠭᠠᠳᠠᠭᠠᠳᠤ ᠳᠤ ᠭᠠᠷᠭᠠᠭᠰᠠᠨ ᠤᠯᠤᠰ ᠲᠠᠭᠠᠨ ᠦᠢᠯᠡᠳᠪᠦᠷᠢᠯᠡᠭᠰᠡᠨ ᠮᠠᠰᠢᠨ ᠲᠡᠷᠭᠡ ᠨᠢᠭᠡᠨᠲᠡ 60 ᠴᠤᠪᠤᠭ᠎ᠠ ᠬᠦᠷᠴᠦ | ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ 12.0% ᠶᠢ ᠡᠵᠡᠯᠡᠵᠦ᠂ ᠠᠳᠠᠯᠢ ᠬᠤᠭᠤᠴᠠᠭᠠᠨ ᠤ ᠬᠠᠮᠤᠭ ᠤᠨ | ᠰᠠᠶᠢᠨ ᠬᠢᠷᠢ ᠲᠦᠪᠰᠢᠨ ᠢ ᠡᠭᠦᠳᠪᠡ᠃ | ᠣᠳᠣᠬᠠᠨ ᠪᠣᠯᠲᠠᠯ᠎ᠠ᠂ ᠡᠷᠢᠶᠡᠨ ᠲᠡᠮᠦᠷ ᠵᠠᠮ ᠤᠨ ᠪᠣᠭᠤᠮᠲᠠ ᠡᠨᠡ ᠵᠢᠯ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠶᠢ ᠨᠡᠶᠢᠲᠡ 1001 ᠤᠳᠠᠭ᠎ᠠ ᠨᠡᠪᠲᠡᠷᠡᠭᠦᠯᠵᠦ᠂ 11.3 ᠲᠦᠮᠡᠨ ᠪᠠᠷᠠᠭ᠎ᠠ ᠪᠠᠨ | ᠵᠥᠭᠡᠭᠡᠪᠦᠷᠢᠯᠡᠨ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 7.8%᠂ 9.2% ᠢᠶᠠᠷ ᠨᠡᠮᠡᠭᠳᠡᠵᠦ | ᠂ | ᠲᠡᠦᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠴᠦ᠂ ᠡᠯ᠎ᠡ ᠵᠦᠢᠯ ᠤᠨ ᠲᠤᠭ᠎ᠠ ᠪᠠᠷᠢᠮᠲᠠ ᠶᠢ | ᠲᠣᠭᠲᠠᠭᠤᠨ ᠢᠶᠠᠷ ᠨᠡᠮᠡᠭᠳᠡᠭᠦᠯᠪᠡ᠃ | | |