ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 102 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠭᠤᠯᠪᠠ ᠸᠠᠩ ᠰᠠᠨ ᠱᠢ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/4/24
     4 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 102 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ 8 ᠳ᠋ᠤᠭᠠᠷ ᠬᠤᠭᠤᠴᠠᠭᠠᠨ ᠤ ︽ᠦᠨᠡᠨ︾ ᠳᠡᠭᠡᠷ᠎ᠡ ᠨᠡᠶᠢᠲᠡᠯᠡᠭᠰᠡᠨ ︽ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠰᠣᠶᠣᠯ ᠤᠨ ᠥᠪ ᠪᠣᠯ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠡᠷᠬᠢᠮ ᠨᠠᠨᠳᠢᠨ ᠥᠪ ᠬᠥᠷᠥᠩᠭᠡ ᠮᠥᠨ᠂ ᠤᠳᠤ ᠶᠢᠨ ᠪᠠᠶᠢᠭ᠎ᠠ ᠰᠣᠶᠣᠯ ᠤᠨ ᠥᠪ ᠪᠠ ᠪᠣᠭᠤᠮᠲᠠ ᠶᠢᠨ ᠤᠨᠴᠠᠯᠢᠭᠳᠤ ᠰᠣᠶᠣᠯ ᠤᠨ ᠡᠬᠢ ᠪᠠᠶᠠᠯᠢᠭ ᠢ ᠠᠭᠤᠳᠠᠯᠬᠤ᠂ ᠬᠠᠮᠠᠭᠠᠯᠠᠬᠤ ᠪᠠ ᠤᠯᠠᠮᠵᠢᠯᠠᠬᠤ ᠪᠠᠨ ᠴᠢᠩᠭᠠᠳᠬᠠᠵᠤ᠂ ᠬᠠᠮᠠᠭᠠᠯᠠᠬᠤ ᠳᠤᠮᠳᠠ ᠨᠡᠭᠡᠭᠡᠨ ᠬᠥᠭᠵᠢᠭᠦᠯᠵᠦ᠂ ᠬᠥᠭᠵᠢᠭᠦᠯᠬᠦ ᠳᠤᠮᠳᠠ ᠬᠠᠮᠠᠭᠠᠯᠠᠵᠤ᠂ ᠰᠣᠶᠣᠯ ᠤᠨ ᠬᠦᠴᠦᠨ ᠢᠶᠠᠷ ᠪᠣᠭᠤᠮᠲᠠ ᠶᠢᠨ ᠦᠯᠢᠭᠡᠷ ᠢ ᠰᠠᠶᠢᠲᠤᠷ ᠶᠠᠷᠢᠵᠤ᠂ ᠰᠣᠶᠣᠯ ᠤᠨ ᠡᠬᠢ ᠪᠠᠶᠠᠯᠢᠭ ᠢ ︽ᠠᠮᠢᠯᠠᠭᠤᠯᠵᠤ︾᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠰᠠᠶᠢᠲᠤᠷ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠴᠢᠭᠯᠡᠯᠲᠡ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠬᠦ᠂ ᠰᠣᠶᠣᠯ ᠵᠢᠭᠤᠯᠴᠢᠯᠠᠯ᠂ ᠴᠡᠪᠡᠷ ᠡᠨᠧᠷᠭᠢ ᠵᠡᠷᠭᠡ ᠲᠦᠷᠪᠡᠨ ᠶᠡᠭᠡ ᠤᠨᠴᠠᠯᠢᠭᠳᠤ ᠠᠵᠤ ᠦᠢᠯᠡᠰ ᠢ ᠤᠨᠢᠨ ᠳᠡᠭᠡᠷ᠎ᠡ ᠨᠢ ᠬᠦᠴᠦᠯᠡᠵᠦ᠂ ᠨᠠᠷᠢᠨ ᠨᠢᠮᠪᠠᠢ ᠪᠤᠶᠢᠵᠢᠭᠤᠯᠵᠤ᠂ ᠤᠨᠴᠠᠯᠢᠬᠳᠤ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠲᠡᠰ ᠳᠡᠪᠰᠢᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠦᠷᠭᠦᠯᠵᠢᠯᠡᠨ ᠭᠠᠳᠠᠭᠰᠢ ᠨᠡᠭᠡᠭᠡᠯᠲᠡ ᠬᠢᠵᠦ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠣᠳᠣᠬᠠᠨ ᠤ ᠪᠣᠭᠤᠮᠲᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠡᠭᠦᠷᠭᠡ ᠶᠢ ᠪᠤᠰᠤᠳᠴᠢ ᠪᠠᠷ ᠵᠠᠳᠠᠯᠤᠭᠰᠠᠨ ᠤ ᠬᠠᠮᠲᠤ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ︽ᠨᠢᠭᠡᠳᠦᠭᠡᠷ ᠰᠢᠳᠠᠮ︾ ᠮᠥᠨ᠂ ᠪᠦᠬᠦ ᠬᠤᠳᠠ ᠪᠠᠷ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠬᠥᠭᠵᠢᠯᠲᠡ ᠶᠢᠨ ᠦᠷ᠎ᠡ ᠪᠦᠲᠦᠭᠡᠯ ᠤᠯᠬᠤ ᠶᠢ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠶᠡᠷᠦᠩᠬᠡᠢ ᠳᠡᠭᠡᠨ ᠲᠣᠭᠲᠠᠭᠤᠨ ᠤ ᠳᠤᠮᠳᠠ ᠤᠷᠤᠭᠰᠢᠯᠠᠵᠤ᠂ ᠳᠣᠣᠷ᠎ᠠ ᠬᠠᠭᠠᠰ ᠵᠢᠯ ᠤᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠷᠠᠯᠲᠠ ᠪᠠᠨ ᠰᠤᠯᠠᠷᠠᠭᠤᠯᠤᠯ ᠦᠭᠡᠢ ᠠᠳᠬᠤᠵᠤ᠂ ᠰᠢᠨ᠎ᠡ ᠵᠠᠮ ᠢ ᠵᠣᠷᠢᠭᠲᠠᠢ ᠪᠠᠷ ᠨᠡᠭᠡᠭᠡᠵᠦ᠂ ᠠᠰᠠᠭᠤᠳᠠᠯ ᠢ ᠰᠤᠯᠠᠷᠠᠭᠤᠯᠤᠯ ᠦᠭᠡᠢ ᠠᠳᠬᠤᠵᠤ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠨ ᠪᠣᠳᠠᠲᠠᠢ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠺᠠᠳ᠋ᠷ ᠠᠵᠢᠯᠳᠠᠨ ᠤ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠦᠨᠡᠨᠬᠦ ᠪᠠᠳᠠᠷᠠᠭᠤᠯᠵᠤ᠂ ᠵᠣᠷᠢᠭᠲᠠᠢ ᠰᠡᠳᠬᠢᠵᠦ ᠵᠣᠷᠢᠭᠲᠠᠢ ᠠᠵᠢᠯᠯᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠶᠢ ᠠᠳᠬᠤᠵᠤ᠂ ᠰᠠᠭᠤᠷᠢ ᠶᠢ ᠪᠠᠲᠤᠳᠬᠠᠬᠤ᠂ ᠠᠯᠤᠰ ᠬᠡᠳᠤ ᠳᠤ ᠠᠰᠢᠭᠲᠠᠢ᠂ ᠨᠥᠭᠡᠴᠡ ᠬᠦᠴᠦᠨ ᠢ ᠨᠡᠮᠡᠭᠳᠡᠭᠦᠯᠬᠦ‍ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ ᠨᠥᠭᠡᠴᠡᠯᠡᠵᠦ᠂ ᠨᠡᠩ ᠤᠯᠠᠨ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠤᠨ ᠭᠡᠷ᠎ᠡ ᠲᠣᠭᠲᠠᠬᠤ᠂ ᠪᠦᠳᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠬᠤᠷᠠᠮᠳᠤᠭᠤᠯᠬᠤ ᠬᠡᠷᠡᠭᠲᠡᠢ᠃      ᠬᠤᠷᠠᠯ ᠠᠴᠠ ᠪᠠᠰᠠ ︽ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ ︵ᠶᠠᠷᠢᠯᠴᠠᠬᠤ ᠨᠣᠤᠷᠠᠭ︶︾᠂ ︽ᠡᠷᠢᠶᠡᠨ ᠬᠤᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ ︵ᠶᠠᠷᠢᠯᠴᠠᠬᠤ ᠨᠣᠤᠷᠠᠭ︶︾ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号