【 ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ 】 ᠨᠠᠮ ᠤᠨ ᠦᠯᠢᠭᠡᠷ ᠢ ᠪᠢ ᠬᠡᠯᠡᠶ᠎ᠡ︕ ᠡᠷᠢᠶᠡᠨ ᠬᠤᠲᠠ ᠶᠢᠨ ᠬᠤᠶᠠᠳᠤᠭᠠᠷ ᠬᠤᠭᠤᠴᠠᠭᠠᠨ ᠤ ᠤᠯᠠᠭᠠᠨ ᠪᠥᠴᠡᠲᠡᠨ ᠤ ᠲᠠᠶᠢᠯᠪᠤᠷᠢᠯᠠᠭᠴᠢ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/4/28
      4 ᠰᠠᠷ᠎ᠠ ᠶᠢᠨ 24 ᠤ ᠡᠳᠦᠷ᠂ ᠮᠠᠨ ᠤ ᠬᠤᠲᠠ ᠶᠢᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠦ᠂ ᠨᠠᠮ ᠤᠨ ᠥᠯᠢᠭᠡᠷ ᠢ ᠪᠢ ᠬᠡᠯᠡᠶ᠎ᠡ︾ ᠭᠡᠬᠦ ᠬᠤᠶᠠᠳᠤᠭᠠᠷ ᠬᠤᠭᠤᠴᠠᠭᠠᠨ ᠤ ᠤᠯᠠᠭᠠᠨ ᠪᠥᠴᠡᠲᠡᠨ ᠤ ᠲᠠᠶᠢᠯᠪᠤᠷᠢᠯᠠᠭᠴᠢ ᠶᠢᠨ ᠤᠷᠤᠯᠳᠤᠭᠠᠨ ᠡᠬᠢᠯᠡᠪᠡ᠃      ᠤᠷᠤᠯᠳᠤᠭᠠᠨ ᠳᠤ᠂ ᠤᠯᠠᠭᠠᠨ ᠪᠦᠴᠡᠳᠡᠨ ᠲᠠᠶᠢᠯᠪᠤᠷᠢᠯᠠᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠤᠨ ᠲᠤᠬᠠᠢ ᠬᠦᠰᠡᠯ ᠱᠠᠭᠠᠷᠳᠠᠯᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ᠂ ᠬᠤᠰᠢᠭᠤᠴᠢ ᠦᠯᠢᠭᠡᠷ ᠳᠠᠭᠤᠷᠢᠶᠠᠯ᠂ ᠥᠪᠥᠷ ᠮᠣᠩᠭᠤᠯ ᠤᠨ ᠠᠷᠪᠠᠨ ᠵᠢᠯ ᠤᠨ ᠬᠥᠭᠵᠢᠯᠲᠡ ᠬᠤᠪᠢᠷᠠᠯᠲᠠ ᠵᠡᠷᠭᠡ ᠪᠠᠷ ᠭᠤᠣᠯ ᠰᠡᠳᠦᠪ ᠪᠣᠯᠭᠠᠵᠤ᠂ ᠲᠠᠶᠢᠰᠠᠨ ᠳᠣᠣᠷᠠᠬᠢ ᠦᠵᠡᠭᠴᠢᠳ ᠢ ᠳᠠᠭᠠᠭᠤᠯᠤᠨ ᠰᠡᠳᠬᠢᠯ ᠬᠥᠳᠡᠯᠭᠡᠮ᠎ᠡ ᠬᠤᠪᠢᠰᠬᠠᠯ ᠤᠨ ᠦᠯᠢᠭᠡᠷ ᠲᠤ ᠣᠷᠣᠭᠤᠯᠪᠠ᠃ ᠲᠡᠳᠡ ᠴᠢᠩ ᠦᠨᠡᠨᠴᠢ ᠰᠡᠳᠬᠢᠯᠭᠡ᠂ ᠠᠮᠢᠳᠤᠯᠢᠭ ᠢᠯᠡᠳᠬᠡᠯ᠂ ᠦᠭᠡ ᠳᠠᠭᠤᠨ ᠵᠡᠷᠭᠡ ᠪᠠᠷ ᠥᠪᠡᠷ ᠤᠨ ᠰᠡᠳᠬᠢᠯ ᠳᠠᠬᠢ ᠰᠡᠳᠬᠢᠯ ᠬᠥᠳᠡᠯᠭᠡᠮ᠎ᠡ ᠦᠯᠢᠭᠡᠷ ᠢᠶᠠᠨ ᠶᠠᠷᠢᠵᠤ᠂ ︽ᠬᠡᠦᠬᠡᠳ ᠤᠨ ᠦᠭᠡ ᠶᠠᠷᠢᠶ᠎ᠠ︾ ᠬᠡᠮᠡᠭᠰᠡᠨ ᠢᠶᠠᠷ ᠮᠠᠭᠲᠠᠨ ᠳᠠᠭᠤᠯᠠᠭᠤᠰᠢᠲᠠᠢ ᠨᠠᠮ ᠤᠨ ᠲᠡᠦᠬᠡ ᠶᠢᠨ ᠥᠩᠭᠡᠷᠡᠯᠲᠡ ᠪᠠᠨ ᠲᠣᠭᠠᠴᠢᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠡᠷᠡᠯᠬᠡᠭ ᠪᠠᠭᠠᠲᠤᠷᠯᠢᠭ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠡᠷᠭᠢᠴᠡᠭᠦᠯᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠬᠤᠪᠢᠷᠠᠯᠲᠠ ᠶᠢ ᠶᠠᠷᠢᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠪᠣᠷᠣᠭᠵᠢᠭᠤᠨ ᠬᠠᠶᠢᠷ᠎ᠠ ᠰᠡᠳᠬᠢᠯᠭᠡ ᠶᠢ ᠭᠦᠢᠴᠡᠳ ᠢᠯᠡᠳᠬᠡᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠵᠣᠷᠢᠭ ᠪᠠ ᠢᠲᠡᠭᠡᠯ ᠵᠣᠷᠢᠭ ᠢᠶᠠᠨ ᠢᠯᠡᠳᠬᠡᠪᠡ᠃      ᠲᠣᠰ ᠤᠳᠠᠭᠠᠨ ᠤ ᠤᠷᠤᠯᠳᠤᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠬᠤᠶᠠᠷ ᠳᠤᠭᠤᠶᠢᠯᠠᠩ ᠬᠤᠪᠢᠶᠠᠨ  ᠶᠠᠪᠣᠭᠳᠠᠪᠠ᠂ ᠱᠠᠩᠨᠠᠯ ᠬᠦᠷᠲᠡᠭᠰᠡᠳ ᠮᠠᠨ ᠤ ᠬᠤᠲᠠ ᠶᠢ ᠲᠥᠯᠥᠭᠡᠯᠡᠨ ᠪᠥᠬᠦ ᠠᠶᠢᠮᠠᠭ ᠤᠨ ︽ᠤᠯᠠᠭᠠᠨ ᠪᠥᠴᠡᠲᠡᠨ ᠤ ᠲᠠᠶᠢᠯᠪᠤᠷᠢᠯᠠᠭᠴᠢ︾ ᠶᠢᠨ ᠤᠷᠤᠯᠳᠤᠭᠠᠨ ᠳᠤ ᠣᠷᠣᠯᠴᠠᠬᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号