【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠳᠤᠮᠳᠠᠳᠤ ᠮᠣᠩᠭᠤᠯ ᠤᠨ ᠭᠠᠳᠠᠭᠠᠳᠤ ᠠᠷᠠᠯᠵᠢᠶᠠᠨ ᠤ ︽ᠰᠢᠨ᠎ᠡ ᠰᠢᠤᠳᠠᠨ ᠤ ᠵᠠᠮ︾ ᠢ ᠨᠡᠪᠲᠡᠷᠡᠭᠦᠯᠦᠶ᠎ᠡ︕ ᠡᠷᠢᠶᠡᠨ ᠪᠣᠭᠤᠮᠲᠠ ᠰᠢᠣᠳᠠᠨ ᠤ ᠵᠦᠢᠯ ᠢ ᠰᠢᠭᠤᠳ ᠭᠠᠳᠠᠭᠠᠳᠤ ᠳᠤ ᠭᠠᠷᠭᠠᠬᠤ ᠶᠢ ᠰᠡᠷᠭᠦᠭᠡᠪᠡ
ᠨᠡᠶᠢᠲᠡᠯᠡᠭᠰᠡᠨ ᠴᠠᠭ᠄
2024/5/10
   5 ᠰᠠᠷ᠎ᠠ ᠶᠢᠨ 8 ᠤ ᠡᠳᠦᠷ᠂ ᠡᠷᠢᠶᠡᠨ ᠬᠤᠲᠠ ᠶᠢᠨ ᠣᠯᠠᠨ ᠤᠯᠤᠰ ᠤᠨ ᠰᠢᠤᠳᠠᠨ ᠤ ᠵᠦᠢᠯ ᠢ ᠰᠣᠯᠢᠯᠴᠠᠬᠤ ᠲᠣᠪᠴᠢᠶ᠎ᠠ ᠳᠤ᠂ ᠨᠢᠭᠡ ᠪᠦᠯᠦᠭ ᠰᠢᠤᠳᠠᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠡᠷᠢᠶᠡᠨ ᠪᠣᠭᠤᠮᠲᠠ ᠪᠠᠷ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠳᠤ ᠶᠠᠪᠤᠭᠤᠯᠵᠤ᠂ ᠮᠠᠨ ᠤ ᠬᠤᠲᠠ ᠶᠢᠨ ᠠᠩᠬᠠᠨ ᠤ ᠪᠦᠯᠦᠭ ᠭᠠᠳᠠᠭᠠᠳᠤ ᠳᠤ ᠭᠠᠷᠭᠠᠬᠤ ᠣᠯᠠᠨ ᠤᠯᠤᠰ ᠤᠨ ᠰᠢᠤᠳᠠᠨ ᠤ ᠵᠦᠢᠯ ᠪᠣᠯᠤᠭᠰᠠᠨ ᠪᠠᠶᠢᠨ᠎ᠠ᠃     ᠡᠨᠡ ᠤᠳᠠᠭᠠᠨ ᠤ ᠭᠠᠳᠠᠭᠠᠳᠤ ᠳᠤ ᠭᠠᠷᠭᠠᠬᠤ ᠰᠢᠦᠳᠠᠨ ᠤ ᠵᠦᠢᠯ ᠳᠤ ᠡᠳᠦᠷ ᠲᠤᠲᠤᠮ ᠤᠨ ᠬᠡᠷᠡᠭᠰᠡᠯ᠂ ᠵᠠᠰᠠᠯ ᠴᠢᠮᠡᠭ ᠤᠨ ᠡᠳ᠋᠂ ᠬᠤᠪᠴᠠᠰᠤ ᠬᠤᠨᠠᠷ ᠮᠠᠯᠠᠭᠠᠶ᠂ ᠲᠣᠭᠯᠠᠭᠠᠮ ᠤᠨ ᠵᠦᠢᠯ᠂ ᠢᠳᠡᠭᠡᠨ ᠵᠡᠷᠭᠡ ᠠᠷᠪᠠ ᠭᠠᠷᠤᠶ ᠵᠦᠢᠯ ᠪᠠᠭᠲᠠᠨ᠎ᠠ᠃ ᠰᠢᠤᠳᠠᠨ ᠤ ᠵᠦᠢᠯ ᠢ ᠤᠷᠤᠭᠰᠢᠲᠠᠢ ᠪᠠᠷ ᠥᠩᠭᠡᠷᠡᠭᠦᠯᠦᠭᠰᠡᠨ ᠶᠠᠪᠤᠳᠠᠯ ᠨᠢ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠶᠢᠨ ︽ᠰᠢᠨ᠎ᠡ ᠰᠢᠤᠳᠠᠨ ᠵᠠᠮ︾ ᠢ 1991 ᠣᠨ ᠳᠤ ᠲᠦᠷ ᠵᠣᠭᠰᠣᠭᠠᠭᠰᠠᠨ ᠤ ᠳᠠᠷᠠᠭ᠎ᠠ ᠵᠢᠩᠬᠢᠨᠢ ᠪᠠᠷ ᠰᠡᠷᠭᠦᠭᠡᠭᠰᠡᠨ ᠢ ᠬᠠᠷᠠᠭᠤᠯᠵᠤ ᠪᠠᠶᠢᠨ᠎ᠠ᠃     ᠥᠩᠭᠡᠷᠡᠭᠰᠡᠨ ᠳᠤ ᠡᠷᠢᠶᠡᠨ ᠪᠣᠭᠤᠮᠲᠠ ᠨᠢ ᠭᠤᠣᠯᠳᠠᠭᠤ ᠣᠯᠠᠨ ᠤᠯᠤᠰ ᠤᠨ ᠰᠢᠤᠳᠠᠨ ᠤ ᠵᠦᠢᠯ ᠢ ᠳᠠᠮᠵᠢᠭᠤᠯᠬᠤ ᠲᠤᠬᠠᠶᠢᠯᠠᠭᠰᠠᠨ ᠠᠵᠢᠯ ᠢ ᠡᠭᠦᠷᠭᠡᠯᠡᠵᠦ᠂ ᠪᠣᠭᠤᠮᠲᠠ ᠶᠢᠨ ᠣᠯᠠᠨ ᠤᠯᠤᠰ ᠤᠨ ᠰᠢᠤᠳᠠᠨ ᠤ ᠠᠷᠭ᠎ᠠ ᠵᠠᠮ ᠢ ᠵᠢᠩᠬᠢᠨᠢ ᠪᠠᠷ ᠰᠡᠷᠭᠦᠭᠡᠭᠰᠡᠨ ᠤ ᠳᠠᠷᠠᠭ᠎ᠠ᠂ ᠮᠠᠨ ᠤ ᠬᠤᠲᠠ ᠰᠢᠭᠤᠳ ᠰᠢᠤᠳᠠᠨ ᠤ ᠵᠦᠢᠯ ᠢ ᠮᠣᠩᠭᠤᠯ ᠤᠯᠤᠰ ᠲᠤ ᠬᠦᠷᠭᠡᠵᠦ ᠪᠣᠯᠤᠨ᠎ᠠ᠂ ᠪᠣᠭᠤᠮᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠯᠠᠨ ᠤᠯᠤᠰ ᠤᠨ ᠰᠢᠦᠳᠠᠨ ᠤ ᠵᠦᠢᠯ ᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠳᠤ ᠲᠦᠢᠯ ᠤᠨ ᠶᠡᠭᠡ ᠲᠥᠬᠦᠮ ᠦᠵᠡᠭᠦᠯᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠪᠠ ᠥᠨᠳᠥᠷ ᠬᠢᠷᠢ ᠲᠦᠪᠰᠢᠨ ᠢᠶᠠᠷ ᠨᠡᠭᠡᠭᠡᠬᠦ ᠶᠢ ᠠᠬᠢᠭᠤᠯᠤᠨ᠎ᠠ᠃     ᠳᠤᠮᠳᠠᠳᠤ ᠤᠯᠤᠰ ᠤᠨ ᠰᠢᠣᠳᠠᠨ ᠤ ᠶᠠᠪᠤᠳᠠᠯ ᠤᠨ ᠡᠷᠢᠶᠡᠨ ᠬᠤᠲᠠ ᠶᠢᠨ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠢᠶᠠ ᠹᠠᠨ ᠬᠡᠯᠡᠭᠰᠡᠨ ᠨᠢ᠄ ︽ᠡᠷᠢᠶᠡᠨ ᠪᠣᠭᠤᠮᠲᠠ ᠶᠢᠨ ᠬᠦᠴᠦᠲᠡᠢ ᠳᠡᠮᠵᠢᠯᠭᠡ ᠳᠣᠣᠷ᠎ᠠ᠂ ᠰᠢᠣᠳᠠᠨ ᠤ ᠺᠣᠮᠫᠠᠨᠢ ᠨᠢ ᠨᠢᠭᠡᠳᠦᠭᠡᠷ ᠫᠢᠶᠣᠣ ᠣᠯᠠᠨ ᠤᠯᠤᠰ ᠤᠨ ᠰᠢᠣᠳᠠᠨ ᠵᠦᠢᠯ ᠢ ᠭᠠᠳᠠᠭᠠᠳᠤ ᠳᠤ ᠭᠠᠷᠭᠠᠬᠤ  ᠳᠣᠬᠠᠶᠢᠯᠠᠭᠰᠠᠨ ᠠᠵᠢᠯ ᠢ  ᠣᠷᠣᠭᠰᠢᠳᠠᠢ ᠥᠷᠨᠢᠭᠦᠯᠪᠡ᠃ ᠢᠷᠡᠭᠡᠳᠦᠶ ᠳᠤ ᠳᠤᠮᠳᠠᠳᠤ ᠮᠣᠩᠭᠤᠯ᠂ ᠳᠤᠮᠳᠠᠳᠤ ᠣᠷᠣᠰ ᠤᠨ ᠨᠠᠩ ᠥᠷᠭᠡᠨ ᠬᠡᠪᠴᠢᠶᠡᠨ ᠤ ᠲᠤᠬᠠᠶᠢᠯᠠᠭᠰᠠᠨ ᠠᠵᠢᠯ ᠢ ᠵᠠᠯᠭᠠᠭ᠎ᠠ ᠪᠠᠷ ᠨᠡᠪᠲᠡᠷᠡᠭᠦᠯᠵᠦ᠂ ᠣᠯᠠᠨ ᠤᠯᠤᠰ ᠤᠨ ᠪᠣᠭᠤᠳᠠᠯ ᠪᠠᠭᠯᠠᠭ᠎ᠠ ᠶᠢ ᠭᠠᠳᠠᠭᠠᠳᠤ ᠳᠤ ᠭᠠᠷᠭᠠᠬᠤ ᠰᠢᠨ᠎ᠡ ᠵᠠᠮ ᠢ ᠨᠡᠭᠡᠭᠡᠵᠦ᠂ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠬᠦᠴᠦᠨ ᠨᠡᠮᠡᠷᠢᠯᠡᠨ᠎ᠡ  ︾ ᠭᠡᠪᠡ᠃     ᠣᠶᠢᠯᠠᠭᠠᠭᠰᠠᠨ ᠢᠶᠠᠷ᠂ ᠪᠣᠭᠤᠮᠲᠠ ᠶᠢᠨ ᠣᠯᠠᠨ ᠤᠯᠤᠰ ᠤᠨ ᠰᠢᠦᠳᠠᠨ ᠤ ᠵᠦᠢᠯ ᠤᠨ ᠠᠷᠭ᠎ᠠ ᠵᠠᠮ ᠰᠡᠷᠭᠦᠭᠡᠭᠰᠡᠨ ᠤ ᠳᠠᠷᠠᠭ᠎ᠠ᠂ ᠵᠢᠱᠢᠯᠲᠡ ᠪᠠᠷ ᠡᠳᠦᠷ ᠪᠦᠷᠢ ᠣᠯᠠᠨ ᠤᠯᠤᠰ ᠤᠨ ᠭᠠᠳᠠᠭᠠᠳᠤ ᠳᠤ ᠭᠠᠷᠭᠠᠬᠤ 2000 ᠭᠠᠷᠤᠶ ᠵᠦᠢᠯ ᠤᠨ ᠰᠢᠤᠳᠠᠨ ᠤ ᠵᠦᠢᠯ ᠢ ᠭᠠᠷᠭᠠᠵᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号