【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠬᠤᠲᠠ ᠶᠢᠨ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 100 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/5/10
     ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 5 ᠰᠠᠷ᠎ᠠ ᠶᠢᠨ 7 ᠤ ᠡᠳᠦᠷ ᠪᠣᠯᠲᠠᠯ᠎ᠠ᠂ ᠡᠨᠡ ᠵᠢᠯ ᠡᠷᠢᠶᠡᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 100 ᠲᠦᠮᠡᠨ ᠲᠣᠨ ᠢ ᠳᠠᠪᠠᠵᠤ᠂ 106 ᠲᠦᠮᠡᠨ ᠲᠣᠨ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 4.62% ᠢᠶᠠᠷ ᠨᠡᠮᠡᠭᠳᠡᠵᠦ᠂ ᠪᠠᠷᠠᠭᠠᠨ ᠤ ᠦᠷᠳᠡᠭ 148 ᠳ᠋ᠦᠩᠰᠢᠭᠤᠷ ᠲᠥᠭᠦᠷᠢᠭ ᠲᠤ ᠬᠦᠷᠴᠡᠢ᠃
    ᠣᠳᠣᠬᠠᠨ ᠳᠤ᠂ ᠡᠷᠢᠶᠡᠨ ᠪᠣᠭᠤᠮᠲᠠ ᠪᠠᠷ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ ᠨᠢᠭᠡᠨᠲᠡ 71 ᠵᠤᠷᠪᠤᠰ ᠪᠣᠯᠵᠤ᠂ ᠪᠦᠷᠬᠦᠴᠡ ᠶᠢᠨ ᠬᠡᠪᠴᠢᠶ᠎ᠡ ᠶᠢ ᠠᠽᠢᠶ᠎ᠠ ᠲᠢᠪ᠂ ᠡᠸᠦ᠋ᠷᠦᠫᠡ ᠶᠢᠨ 10 ᠭᠠᠷᠤᠢ ᠤᠯᠤᠰ ᠪᠠ 140 ᠭᠠᠷᠤᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠲᠠ ᠪᠤᠶᠤ ᠥᠷᠲᠡᠭᠡ ᠴᠡᠭ ᠬᠦᠷᠲᠡᠯ᠎ᠡ ᠥᠷᠭᠡᠳᠬᠡᠵᠦ᠂ ᠪᠠᠷᠠᠭ᠎ᠠ ᠨᠢ ᠮᠠᠰᠢᠨ ᠲᠡᠷᠭᠡᠨ ᠤ ᠪᠦᠬᠦᠯᠢ ᠲᠡᠷᠭᠡ ᠵᠢᠴᠢ ᠰᠡᠯᠪᠢᠭ ᠲᠣᠨᠤᠭ᠂ ᠮᠠᠰᠢᠨ ᠴᠠᠬᠢᠯᠭᠠᠨ ᠤ ᠮᠠᠰᠢᠨ ᠲᠥᠬᠦᠭᠡᠷᠦᠮᠵᠢ᠂ ᠭᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠮᠡ ᠭᠠᠷᠤᠢ ᠵᠦᠢᠯ ᠢ ᠬᠠᠮᠤᠷᠪᠠ᠃
    ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ︽ᠤᠶᠤᠨᠲᠤ ᠪᠣᠭᠤᠮᠲᠠ︾᠂ ︽ᠤᠶᠤᠨᠲᠤ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠤᠯᠪᠣᠭᠠᠯᠠᠨ ᠰᠢᠨ᠎ᠡ ᠶᠢ ᠡᠭᠦᠳᠴᠦ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠠᠪᠴᠠᠩ ᠢ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠬᠢᠨᠠᠨ ᠬᠠᠮᠢᠶᠠᠷᠬᠤ ᠪᠠ ᠪᠠᠷᠠᠭᠠᠨ ᠤ ᠬᠦᠢᠯᠭᠡᠭᠡᠨ ᠤ ᠠᠵᠢᠯ ᠢ ᠨᠢᠭᠡ ᠯᠡ ᠤᠳᠠᠭ᠎ᠠ ᠳᠤ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠪᠡ᠃ ︽ᠲᠡᠮᠦᠷ ᠵᠠᠮ ᠢ ᠬᠢᠯᠢ ᠪᠠᠷ ᠣᠷᠣᠭᠤᠯᠵᠤ ᠲᠦᠷᠭᠡᠨ ᠥᠩᠭᠡᠷᠡᠭᠦᠯᠬᠦ︾ ᠲᠤᠬᠠᠶᠢᠯᠠᠭᠰᠠᠨ ᠠᠵᠢᠯ ᠤᠨ ᠵᠠᠭᠪᠤᠷ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ︽ᠲᠡᠷᠭᠡᠨ ᠬᠠᠵᠠᠭᠤ ᠶᠢ ᠰᠢᠭᠤᠳ ᠳᠡᠭᠡᠭᠰᠢᠯᠡᠭᠦᠯᠬᠦ︾ ᠵᠡᠷᠭᠡ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠪᠣᠭᠤᠮᠲᠠ ᠶᠢᠨ ᠡᠭᠡᠯᠵᠢ ᠶᠢᠨ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ 70% ᠠᠴᠠ ᠳᠡᠭᠡᠭᠰᠢ ᠳᠡᠭᠡᠭᠰᠢᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号