ᠬᠤᠲᠠ ᠶᠢᠨ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10
     5 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2023 ᠣᠨ ᠤ ᠠᠵᠢᠯ ᠢᠶᠠᠨ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠵᠤ᠂ 2024 ᠣᠨ ᠤ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠪᠠ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠢᠴᠡᠳ ᠰᠤᠷᠤᠯᠴᠠᠨ ᠬᠡᠷᠡᠭᠯᠡᠵᠦ᠂ ᠰᠤᠷᠤᠯᠴᠠᠯᠭ᠎ᠠ ᠶᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠵᠢᠯᠤᠭᠤᠳᠤᠯᠭ᠎ᠠ ᠪᠣᠯᠭᠠᠵᠤ᠂ ᠰᠢᠰᠲ᠋ᠧᠮ ᠲᠠᠢ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠤᠳᠤ ᠦᠶ᠎ᠡ ᠶᠢᠨ ᠬᠠᠰᠢᠶᠠᠯᠠᠨ ᠲᠡᠵᠢᠭᠡᠬᠦ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠬᠦ ᠬᠡᠷᠡᠭᠲᠡᠢ︔ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠮᠠᠯᠵᠢᠬᠤ ᠲᠠᠷᠢᠶᠠᠯᠠᠬᠤ ᠣᠷᠣᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠮᠠᠯ ᠠᠵᠤ ᠠᠬᠤᠶ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠬᠦ ᠬᠡᠷᠡᠭᠲᠡᠶ᠃     ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠬᠦᠴᠦᠨ ᠢᠶᠠᠨ ᠲᠥᠪᠯᠡᠷᠡᠭᠦᠯᠦᠨ᠂ ᠠᠵᠢᠯ ᠤᠨ ᠡᠩᠨᠡᠭᠡ ᠶᠢᠨ ᠬᠢᠨ ᠴᠢᠷᠮᠠᠶᠢᠨ ᠠᠵᠢᠯᠯᠠᠵᠤ᠂ ᠪᠦᠬᠦ ᠬᠦᠴᠦᠨ ᠢᠶᠠᠷ ᠢᠶᠠᠨ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号