︽ᠨᠢᠭᠡ ᠬᠤᠲᠠ ᠬᠤᠶᠠᠷ ᠬᠤᠰᠢᠭᠤ︾ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠬᠡᠯᠡᠯᠴᠡᠭᠡᠷ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/10
                ︽ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ ᠬᠤᠲᠠ ᠬᠤᠶᠠᠷ ᠬᠤᠰᠢᠭᠤ︾ ᠶᠢᠨ ᠤᠯᠠᠭᠠᠨ ᠵᠠᠭᠠᠯᠮᠠᠶᠢᠲᠠᠨ ᠤ ᠠᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠤᠯᠠᠭᠠᠨ ᠵᠠᠭᠠᠯᠮᠠᠶᠢᠲᠠᠨ ᠤ ᠠᠵᠢᠯ ᠤᠨ ᠬᠠᠮᠵᠢᠯᠴᠠᠨ ᠬᠥᠭᠵᠢᠬᠦ ᠰᠢᠨ᠎ᠡ ᠪᠠᠶᠢᠷᠢᠰᠢᠯ ᠢ ᠪᠠᠶᠢᠭᠤᠯᠬᠤ ᠶᠢᠨ ᠲᠣᠯᠠᠳᠠ᠂ 5 ᠳ᠋ᠤᠭᠠᠷ ᠰᠠᠷ᠎ᠠ ᠶᠢᠨ 9 ᠤ ᠡᠳᠦᠷ᠂ ︽ᠨᠢᠭᠡ ᠬᠤᠲᠠ ᠬᠤᠶᠠᠷ ᠬᠤᠰᠢᠭᠤ︾ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃
     ᠶᠣᠰᠣᠯᠠᠯ ᠳᠡᠭᠡᠷ᠎ᠡ᠂ ᠭᠤᠷᠪᠠᠨ ᠭᠠᠵᠠᠷ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠥᠮᠦᠯᠢᠭ ᠰᠣᠶᠣᠯ ᠢ ᠤᠯᠠᠮᠵᠢᠯᠠᠬᠤ᠂ ᠬᠥᠮᠦᠯᠢᠭ ᠦᠵᠡᠯ ᠤᠨ ᠡᠬᠢ ᠪᠠᠶᠠᠯᠢᠭ ᠢ ᠳᠠᠶᠢᠴᠢᠯᠠᠬᠤ᠂ ︽ᠭᠤᠷᠪᠠᠨ ᠠᠪᠤᠷᠠᠯᠲᠠ︾᠂ ︽ᠭᠤᠷᠪᠠᠨ ᠬᠠᠨᠳᠢᠪᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ᠂ ᠨᠠᠮ ᠪᠠ ᠵᠠᠰᠠᠭ ᠤᠨ ᠣᠷᠳᠣᠨ ᠤ ᠬᠥᠮᠦᠯᠢᠭ ᠦᠵᠡᠯ ᠤᠨ ᠬᠦᠷᠢᠶᠡᠨ ᠳᠠᠬᠢ ᠬᠠᠪᠰᠤᠷᠤᠭᠴᠢ ᠪᠠ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠬᠡᠷᠬᠢᠨ ᠰᠠᠶᠢᠲᠤᠷ ᠪᠠᠳᠠᠷᠠᠭᠤᠯᠬᠤ ᠵᠡᠷᠭᠡ ᠲᠠᠯ᠎ᠠ ᠪᠠᠷ ᠬᠥᠭᠵᠢᠶᠡᠨᠲᠡᠶ ᠶᠠᠷᠢᠯᠴᠠᠪᠠ᠃      ᠣᠶᠢᠯᠠᠭᠠᠭᠰᠠᠨ ᠢᠶᠠᠷ᠂ ᠬᠤᠶᠢᠰᠢᠳᠠ᠂ ᠭᠤᠷᠪᠠᠨ ᠭᠠᠵᠠᠷ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠤᠨ ᠲᠣᠭᠤᠷᠢᠨ ᠳᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠬᠠᠷᠠᠯᠲᠠ ᠪᠣᠯᠭᠠᠵᠤ᠂ ᠲᠤᠬᠠᠶ ᠶᠢᠨ ᠭᠠᠵᠠᠷ ᠤᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠨᠠᠩ ᠥᠷᠭᠡᠨ ᠳᠡᠯᠭᠡᠷ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠪᠦᠲᠦᠮᠵᠢᠲᠡᠶ ᠪᠠᠷ ᠨᠢᠭᠲᠠᠷᠠᠭᠤᠯᠵᠤ ᠤᠯᠠᠭᠠᠨ ᠵᠠᠭᠠᠯᠮᠠᠶᠢᠲᠠᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号