| | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 5 ᠰᠠᠷ᠎ᠠ ᠶᠢᠨ 7 ᠤ ᠡᠳᠦᠷ ᠪᠣᠯᠲᠠᠯ᠎ᠠ᠂ ᠡᠨᠡ ᠵᠢᠯ | ᠡᠷᠢᠶᠡᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 100 ᠲᠦᠮᠡᠨ ᠲᠣᠨ ᠢ ᠳᠠᠪᠠᠵᠤ᠂ 106 ᠲᠦᠮᠡᠨ ᠲᠣᠨ ᠢ ᠳᠠᠪᠠᠵᠤ᠂ ᠠᠳᠠᠯᠢ | ᠬᠤᠭᠤᠴᠠᠭᠠᠨ ᠤ ᠬᠢ ᠠᠴᠠ 4.62% ᠢᠶᠠᠷ ᠨᠡᠮᠡᠭᠳᠡᠵᠦ᠂ ᠪᠠᠷᠠᠭᠠᠨ ᠤ ᠦᠷᠳᠡᠭ 148 ᠳ᠋ᠦᠩᠰᠢᠭᠤᠷ | ᠲᠥᠭᠦᠷᠢᠭ ᠲᠤ ᠬᠦᠷᠴᠡᠢ᠃ | | | ᠣᠳᠣᠬᠠᠨ ᠳᠤ᠂ ᠡᠷᠢᠶᠡᠨ ᠪᠣᠭᠤᠮᠲᠠ ᠪᠠᠷ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ | ᠱᠤᠭᠤᠮ ᠨᠢᠭᠡᠨᠲᠡ 71 ᠵᠤᠷᠪᠤᠰ ᠪᠣᠯᠵᠤ᠂ ᠪᠦᠷᠬᠦᠴᠡ ᠶᠢᠨ ᠬᠡᠪᠴᠢᠶ᠎ᠡ ᠶᠢ ᠠᠽᠢᠶ᠎ᠠ ᠲᠢᠪ᠂ ᠡᠸᠦ᠋ᠷᠦᠫᠡ ᠶᠢᠨ 10 | ᠭᠠᠷᠤᠢ ᠤᠯᠤᠰ ᠪᠠ 140 ᠭᠠᠷᠤᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠲᠠ ᠪᠤᠶᠤ ᠥᠷᠲᠡᠭᠡ ᠴᠡᠭ | ᠬᠦᠷᠲᠡᠯ᠎ᠡ ᠥᠷᠭᠡᠳᠬᠡᠵᠦ᠂ ᠪᠠᠷᠠᠭ᠎ᠠ ᠨᠢ ᠮᠠᠰᠢᠨ ᠲᠡᠷᠭᠡᠨ ᠤ ᠪᠦᠬᠦᠯᠢ ᠲᠡᠷᠭᠡ ᠵᠢᠴᠢ ᠰᠡᠯᠪᠢᠭ ᠲᠣᠨᠤᠭ᠂ ᠮᠠᠰᠢᠨ | ᠴᠠᠬᠢᠯᠭᠠᠨ ᠤ ᠮᠠᠰᠢᠨ ᠲᠥᠬᠦᠭᠡᠷᠦᠮᠵᠢ᠂ ᠭᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠮᠡ ᠭᠠᠷᠤᠢ | ᠵᠦᠢᠯ ᠢ ᠬᠠᠮᠤᠷᠪᠠ᠃ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ | ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠶᠢᠨ ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ︽ | ᠤᠶᠤᠨᠲᠤ ᠪᠣᠭᠤᠮᠲᠠ︾᠂ ︽ᠤᠶᠤᠨᠲᠤ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠵᠦ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠤᠯᠪᠣᠭᠠᠯᠠᠨ ᠰᠢᠨ᠎ᠡ ᠶᠢ ᠡᠭᠦᠳᠴᠦ ︽ᠨᠢᠭᠡ | ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠠᠪᠴᠠᠩ ᠢ ᠪᠠᠶᠢᠭᠤᠯᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠬᠢᠨᠠᠨ ᠬᠠᠮᠢᠶᠠᠷᠬᠤ ᠪᠠ ᠪᠠᠷᠠᠭᠠᠨ ᠤ ᠬᠦᠢᠯᠭᠡᠭᠡᠨ ᠤ ᠠᠵᠢᠯ ᠢ | ᠨᠢᠭᠡ ᠯᠡ ᠤᠳᠠᠭ᠎ᠠ ᠳᠤ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠪᠡ᠃ ︽ᠲᠡᠮᠦᠷ ᠵᠠᠮ ᠢ ᠬᠢᠯᠢ ᠪᠠᠷ ᠣᠷᠣᠭᠤᠯᠵᠤ | ᠲᠦᠷᠭᠡᠨ ᠥᠩᠭᠡᠷᠡᠭᠦᠯᠬᠦ︾ ᠲᠤᠬᠠᠶᠢᠯᠠᠭᠰᠠᠨ ᠠᠵᠢᠯ ᠤᠨ ᠵᠠᠭᠪᠤᠷ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ︽ | ᠲᠡᠷᠭᠡᠨ ᠬᠠᠵᠠᠭᠤ ᠶᠢ ᠰᠢᠭᠤᠳ ᠳᠡᠭᠡᠭᠰᠢᠯᠡᠭᠦᠯᠬᠦ︾ ᠵᠡᠷᠭᠡ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠥᠷᠨᠢᠭᠦᠯᠵᠦ᠂ ᠪᠣᠭᠤᠮᠲᠠ ᠶᠢᠨ ᠡᠭᠡᠯᠵᠢ ᠶᠢᠨ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠶᠢ 70% ᠠᠴᠠ ᠳᠡᠭᠡᠭᠰᠢ ᠳᠡᠭᠡᠭᠰᠢᠯᠡᠭᠦᠯᠦᠨ᠎ᠡ᠃ |