ᠤᠳᠤᠷᠢᠳᠬᠤ ᠺᠠᠳ᠋ᠷ ᠲᠤ ᠴᠢᠳᠠᠪᠤᠷᠢ ᠶᠢ ᠨᠡᠮᠡᠭᠳᠡᠭᠦᠯᠦᠨ᠎ᠡ    2024 ᠣᠨ ᠳᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/5/11
      ᠤᠳᠤᠷᠢᠳᠬᠤ ᠺᠠᠳ᠋ᠷ ᠤᠨ ᠶᠡᠷᠦᠩᠬᠡᠶᠢᠯᠡᠭᠰᠡᠨ ᠬᠡᠪ ᠴᠢᠨᠠᠷ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠢᠶᠠᠷ ᠰᠠᠶᠢᠨ ᠺᠠᠳ᠋ᠷ ᠤᠨ ᠡᠩᠨᠡᠭᠡ ᠶᠢ ᠬᠦᠴᠦ ᠪᠠᠨ ᠲᠥᠪᠯᠡᠷᠡᠭᠦᠯᠦᠨ ᠪᠠᠶᠢᠭᠤᠯᠬᠤ ᠶᠢᠨ ᠳᠣᠯᠠᠳᠠ᠂ 5 ᠰᠠᠷ᠎ᠠ ᠶᠢᠨ 9 ᠤ ᠡᠳᠦᠷ ᠠᠴᠠ 11 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠰᠤᠷᠭᠠᠭᠤᠯᠢ ︵ᠬᠤᠲᠠ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ︶ 2024 ᠣᠨ ᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃
          ᠪᠣᠯᠪᠠᠰᠤᠷᠠᠯ ᠤᠨ ᠲᠤᠬᠠᠢ ᠶᠢᠨ ᠲᠠᠯᠠᠪᠠᠢ      ᠲᠣᠰ ᠤᠳᠠᠭᠠᠨ ᠤ ᠪᠣᠯᠪᠠᠰᠤᠷᠠᠯ ᠤᠨ ᠠᠩᠭᠢ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ ︽ᠨᠠᠮ ᠤᠨ ᠪᠠᠶᠢᠭᠤᠯᠤᠯᠲᠠ ᠶᠢᠨ ᠪᠣᠯᠪᠠᠰᠤᠷᠠᠯ︾ ᠤᠨ ᠵᠠᠭᠪᠤᠷ ᠢᠶᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠰᠤᠷᠤᠭᠴᠢ ᠨᠢᠭᠡᠪᠦᠷᠢ ᠶᠢᠨ ᠰᠤᠷᠤᠯᠴᠠᠪᠠᠯ ᠠᠮᠵᠢᠯᠲᠠ ᠲᠠᠢ ᠪᠠᠶᠢᠬᠤ᠂ ᠰᠤᠷᠤᠯᠴᠠᠪᠠᠯ ᠣᠯᠤᠯᠲᠠ ᠲᠠᠢ ᠪᠠᠶᠢᠬᠤ ᠶᠢ ᠬᠦᠴᠦᠯᠡᠨ ᠠᠬᠢᠭᠤᠯᠵᠤ᠂ ᠨᠠᠮ ᠤᠨ ᠡᠭᠦᠷ ᠬᠥᠲᠥᠯᠥᠨ ᠳᠠᠭᠠᠭᠤᠯᠬᠤ᠂ ᠨᠠᠮ ᠤᠨ ᠭᠡᠰᠢᠭᠦᠨ ᠲᠦᠷᠦᠭᠦᠯᠡᠬᠦ᠂ ᠰᠤᠷᠤᠭᠴᠢᠳ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠲᠠᠰᠤᠷᠠᠯᠲᠠ ᠥᠬᠡᠶ ᠪᠣᠶ ᠪᠣᠯᠭᠠᠪᠠ᠃ ᠪᠣᠯᠪᠠᠰᠤᠷᠠᠯ ᠨᠢ ᠲᠤᠰᠬᠠᠶ ᠰᠡᠳᠦᠪᠲᠦ ᠣᠨᠣᠯ᠂ ᠲᠤᠬᠠᠶ ᠶᠢᠨ ᠭᠠᠵᠠᠷ ᠲᠤᠨᠢ ᠵᠢᠭᠠᠨ ᠰᠤᠷᠭᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ᠃
           ᠭᠤᠣᠯᠯᠠᠨ ᠯᠧᠺᠲ᠋ᠣᠷ ᠢᠶᠠᠷ ᠬᠢᠴᠢᠶᠡᠯᠯᠡᠬᠦ      ᠠᠩᠭᠢ ᠡᠬᠢᠯᠡᠬᠦ ᠶᠣᠰᠣᠯᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠤᠨᠤᠯ ᠤᠨ ᠵᠢᠭᠠᠨ ᠰᠤᠳᠤᠯᠬᠤ ᠬᠡᠯᠲᠡᠰ ᠤᠨ ᠳᠡᠳ᠋ ᠡᠷᠬᠢᠯᠡᠭᠴᠢ ᠶᠢ ᠣᠨᠴᠠᠭᠠᠶᠢᠯᠠᠨ ᠤᠷᠢᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠤᠬᠠᠢ ᠲᠤᠰᠬᠠᠢ ᠰᠡᠳᠦᠪ ᠢᠶᠠᠷ ᠬᠢᠴᠢᠶᠡᠯ ᠣᠷᠣᠭᠤᠯᠵᠤ᠂ ︽ᠲᠦᠷᠢᠮ︾ ᠳᠤ ᠵᠠᠰᠠᠪᠤᠷᠢ ᠣᠷᠣᠭᠤᠯᠤᠭᠰᠠᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ︽ᠲᠦᠷᠢᠮ︾ ᠳᠤ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ᠂ ︽ᠲᠦᠷᠢᠮ︾ ᠢ ᠰᠤᠷᠤᠯᠴᠠᠨ ᠲᠤᠤᠱᠯᠠᠭᠤᠯᠬᠤ ᠶᠢᠨ ᠲᠠᠨᠢᠯᠲᠠ ᠪᠠ ᠣᠶᠢᠯᠠᠭᠠᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠤ ᠨᠠᠮ ᠤᠨ ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠤᠨ ᠱᠠᠭᠠᠷᠳᠠᠯᠭ᠎ᠠ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠣᠶᠢᠯᠠᠭᠠᠭᠤᠯᠤᠨ ᠡᠵᠡᠮᠰᠢᠭᠦᠯᠵᠦ᠂ ᠤᠳᠤᠷᠢᠳᠬᠤ ᠺᠠᠳ᠋ᠷ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠥᠪᠡᠷ ᠢ ᠪᠠᠨ ᠬᠢᠵᠠᠭᠠᠷᠯᠠᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠪᠠ᠃
   ᠬᠢᠲᠠᠳ ᠮᠣᠩᠭᠤᠯ ᠬᠤᠶᠠᠷ ᠣᠷᠣᠨ ᠤ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭᠠᠨ ᠤ ᠳᠡᠭᠦᠷᠭᠡ ᠳᠤ
  ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠭᠦᠨᠵᠡᠭᠡᠶᠢᠷᠡᠨ ᠲᠣᠭᠤᠷᠢᠨ ᠦᠵᠡᠪᠡ      ᠣᠳᠣᠬᠠᠨ ᠳᠤ᠂ ᠪᠣᠭᠤᠮᠲᠠ ᠶᠢᠨ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ᠂ ᠤᠯᠠᠨ ᠬᠦᠷᠢᠶᠡᠨ ᠤ ᠲᠦᠷᠦᠯ ᠵᠦᠢᠯ ᠶᠠᠭ ᠬᠦᠷ ᠬᠥᠭᠵᠢᠶᠡᠨ ᠲᠠᠢ ᠪᠦᠳᠦᠭᠡᠨ ᠪᠠᠶᠢᠭᠤᠯᠤᠯᠲᠠ ᠬᠢᠵᠦ᠂ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠤᠨ ᠬᠥᠭᠵᠢᠯᠲᠡ ᠶᠢ ᠲᠦᠷᠭᠡᠳᠬᠡᠵᠦ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢ ᠵᠣᠬᠢᠶᠠᠨ ᠪᠠᠶᠢᠭᠤᠯᠵᠤ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠤᠩᠭᠢᠯ ᠵᠡᠷᠭᠡ ᠭᠠᠵᠠᠷ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠨᠢᠭᠡ ᠵᠠᠮ ᠦᠵᠡᠵᠦ᠂ ᠨᠢᠭᠡ ᠵᠠᠮ ᠰᠣᠨᠣᠰᠴᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠣᠨᠴᠠᠯᠢᠭ ᠲᠠᠢ ᠬᠢᠯᠠᠰ ᠴᠡᠭ ᠢ ᠣᠶᠢᠯᠠᠭᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠵᠤ᠂ ᠠᠷᠭ᠎ᠠ ᠤᠬᠠᠭᠠᠨ ᠭᠠᠷᠭᠠᠪᠠ᠃ ᠲᠦᠷ ᠴᠠᠭ ᠤᠨ ᠨᠠᠮ ᠤᠨ ᠡᠭᠦᠷ ᠲᠤᠬᠠᠢ ᠶᠢᠨ ᠲᠠᠯᠠᠪᠠᠢ ᠳᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠬᠦ᠂ ᠨᠠᠮ ᠤᠨ ᠲᠤᠭ ᠤᠨ ᠳᠣᠣᠷ᠎ᠠ ᠬᠠᠮᠲᠤ ᠶᠢᠨ ᠰᠡᠭᠦᠳᠡᠷ ᠲᠠᠲᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮᠴᠢ ᠴᠢᠨᠠᠷ ᠤᠨ ᠳᠠᠪᠲᠠᠯᠲᠠ ᠪᠠᠨ ᠴᠢᠩᠭᠠᠳᠬᠠᠵᠤ᠂ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠤᠪᠠ
       ᠪᠣᠯᠪᠠᠰᠤᠷᠠᠯ ᠤᠨ ᠬᠤᠭᠤᠴᠠᠭᠠᠨ ᠳᠤ᠂ ᠰᠢ ᠶᠢᠨ ᠫᠢᠩ ᠤᠨ ᠰᠣᠶᠣᠯ ᠦᠵᠡᠯ ᠰᠠᠨᠠᠭᠠᠨ ᠤ ᠴᠢᠬᠤᠯᠠ ᠠᠭᠤᠯᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠵᠡᠷᠭᠡ ᠲᠠᠯ᠎ᠠ ᠪᠠᠷ ᠬᠢᠴᠢᠶᠡᠯ ᠣᠷᠣᠵᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢ ᠪᠣᠯᠪᠠᠰᠤᠷᠠᠯ ᠤᠨ ᠳᠤᠮᠳᠠ ᠣᠨᠣᠯ ᠤᠨ ᠬᠡᠪ ᠪᠣᠯᠪᠠᠰᠤᠷᠠᠯ ᠢ ᠨᠢ ᠨᠡᠮᠡᠭᠳᠡᠭᠦᠯᠦᠨ᠂ ᠴᠢᠳᠠᠪᠤᠷᠢ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠰᠠᠬᠢᠯᠭ᠎ᠠ ᠪᠠᠲᠤ ᠶᠢᠨ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠺᠠᠳ᠋ᠷ ᠤᠨ ᠬᠡᠷᠡᠭᠴᠡᠭᠡ ᠱᠠᠭᠠᠷᠳᠠᠯᠭ᠎ᠠ ᠬᠢᠭᠡᠳ ᠰᠤᠷᠭᠠᠨ ᠬᠥᠮᠦᠵᠢᠯ ᠤᠨ ᠬᠠᠩᠭᠠᠯᠭ᠎ᠠ ᠶᠢ ᠨᠠᠷᠢᠯᠢᠭ ᠣᠨᠣᠴᠠᠲᠠᠶ ᠪᠠᠷ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号