| | | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 4 ᠰᠠᠷ᠎ᠠ ᠳᠤ᠂ | ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ 600.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ | ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 486.1 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1% ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠬᠡᠮᠵᠢᠶ᠎ᠡ 114.7 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠪᠡ᠃ | | | | | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ᠪᠣᠳᠠᠲᠠᠶ ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ | ᠦᠷᠭᠦᠯᠵᠢᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ | ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠬᠤᠳᠠ ᠶᠢᠨ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ | ᠢᠯᠡᠷᠡᠵᠡᠢ᠃ |