ᠡᠷᠢᠶᠡᠨ ᠬᠤᠲᠠ ᠶᠢᠨ ᠨᠢᠭᠡᠳᠦᠭᠡᠷ ᠤᠯᠠᠷᠢᠯ ᠤᠨ ᠬᠡᠷᠡᠭᠯᠡᠭᠡᠨ ᠤ ᠡᠳ᠋ ᠤᠨ ᠵᠠᠬ᠎ᠠ ᠳᠡᠯᠭᠡᠭᠦᠷ ᠪᠠᠭ᠎ᠠ ᠬᠡᠮᠵᠢᠶ᠎ᠡ  ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/5/11
                     ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠥᠬᠦ ᠬᠦᠴᠦᠨ ᠢᠶᠠᠷ ᠢᠶᠠᠨ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠨᠡᠮᠡᠭᠳᠡᠯ ᠤᠨ ᠬᠤᠷᠳᠤᠴᠠ ᠨᠢ ᠬᠡᠳᠦ᠋ᠢᠪᠡᠷ ᠨᠢᠳᠤᠨᠤᠨ ᠤ ᠬᠢ ᠠᠴᠠ ᠵᠢᠭᠠᠬᠠᠨ ᠪᠠᠭᠤᠷᠠᠭᠰᠠᠨ ᠪᠣᠯᠪᠠᠴᠤ ᠮᠥᠨ ᠯᠡ ᠪᠠᠭ᠎ᠠ ᠨᠡᠮᠡᠭᠳᠡᠬᠦ ᠪᠠᠶᠢᠳᠠᠯ ᠢᠶᠠᠨ ᠪᠠᠲᠤᠯᠠᠵᠤ᠂ ᠤᠯᠠᠷᠢᠯ ᠳᠠᠷᠠᠭᠠᠯᠠᠨ ᠳᠡᠭᠡᠭᠰᠢᠯᠡᠬᠦ ᠪᠣᠯᠤᠮᠵᠢ ᠲᠠᠢ ᠪᠠᠶᠢᠨ᠎ᠠ᠃ ᠪᠥᠬᠦ ᠬᠤᠲᠠ ᠶᠢᠨ ᠨᠢᠭᠡᠳᠦᠭᠡᠷ ᠤᠯᠠᠷᠢᠯ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠨᠡᠶᠢᠲᠡ 49094 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.2 ᠵᠠᠭᠤᠨ ᠤ ᠨᠢᠭᠡᠴᠢ ᠪᠠᠭᠤᠷᠠᠪᠠ᠂ ᠡᠭᠦᠨ ᠳᠤ᠄ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 40623 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.9 ᠵᠠᠭᠤᠨ ᠤ ᠨᠢᠭᠡᠴᠢ ᠪᠠᠭᠤᠷᠠᠵᠤ᠂ ᠢᠳᠡᠭᠡᠨ ᠤᠮᠳᠠᠭᠠᠨ ᠤ ᠣᠷᠣᠯᠭ᠎ᠠ ᠨᠡᠶᠢᠲᠡ 8471 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠬᠢ ᠠᠴᠠ 1.8 ᠵᠠᠭᠤᠨ ᠤ ᠨᠢᠭᠡᠴᠢ ᠪᠠᠭᠤᠷᠠᠪᠠ᠃      ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ 96942.3 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 202.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 230.7 ᠵᠠᠭᠤᠨ ᠤ ᠨᠢᠭᠡᠴᠢ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠭ᠎ᠠ ᠶᠢᠨ ᠬᠡᠮᠵᠢᠶ᠎ᠡ 4761.1 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.8 ᠵᠠᠭᠤᠨ ᠤ ᠨᠢᠭᠡᠴᠢ ᠪᠠᠭᠤᠷᠠᠪᠠ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠬᠡᠮᠵᠢᠶ᠎ᠡ 69.8 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 24.5 ᠵᠠᠭᠤᠨ ᠤ ᠨᠢᠭᠡᠴᠢ ᠪᠠᠭᠤᠷᠠᠪᠠ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠬᠡᠮᠵᠢᠶ᠎ᠡ 505.3 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.3% ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 97.9 ᠵᠠᠭᠤᠨ ᠤ ᠨᠢᠭᠡᠴᠢ ᠪᠠᠭᠤᠷᠠᠪᠠ᠃      ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ ᠬᠡᠮᠵᠢᠭᠳᠡᠯ ᠠᠴᠠ ᠦᠵᠡᠪᠡᠯ᠂ ᠣᠯᠠᠩᠬᠢ ᠲᠠᠸᠠᠷ ᠤᠨ ᠨᠡᠮᠡᠭᠳᠡᠯ ᠨᠡᠯᠢᠶᠡᠳ ᠰᠠᠶᠢᠨ ᠪᠠᠶᠢᠵᠤ᠂ ᠪᠥᠬᠦ ᠬᠤᠲᠠ ᠶᠢᠨ ᠭᠤᠤᠯ ᠪᠣᠯᠬᠤ ᠵᠢᠵᠢᠭᠯᠡᠨ ᠬᠤᠳᠠᠯᠳᠤᠬᠤ ᠲᠠᠸᠠᠷ ᠤᠨ ᠳᠣᠲᠣᠷᠠᠬᠢ 9 ᠲᠥᠷᠥᠯ ᠤᠨ ᠡᠶᠡᠷᠭᠦ ᠨᠡᠮᠡᠭᠳᠡᠯ ᠢ ᠪᠡᠶᠡᠯᠡᠭᠦᠯᠪᠡ᠃ ᠠᠮᠢᠳᠤᠷᠠᠯ ᠤᠨ ᠲᠥᠷᠥᠯ ᠤᠨ ᠬᠡᠷᠡᠭᠯᠡᠭᠡᠨ ᠤ ᠵᠦᠶ᠋ᠯ ᠠᠴᠠ ᠦᠵᠡᠪᠡᠯ᠄ ᠠᠮᠤ ᠲᠣᠰᠣ᠂ ᠠᠷᠢᠬᠢ ᠲᠠᠮᠠᠬᠢ᠂ ᠤᠮᠳᠠᠭᠠᠨ᠂ ᠬᠤᠪᠴᠠᠰᠤ ᠬᠤᠨᠠᠷ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ ᠲᠣᠰ ᠲᠣᠰ 24%᠂ 19%᠂ 19%᠂ 15%᠂ 22% ᠪᠣᠯᠤᠨ᠎ᠠ᠃ ᠳᠡᠰ ᠳᠡᠪᠰᠢᠬᠦ ᠲᠥᠷᠥᠯ ᠤᠨ ᠲᠠᠸᠠᠷ ᠠᠴᠠ ᠠᠪᠴᠤ ᠦᠵᠡᠪᠡᠯ᠄ ᠭᠡᠷ ᠤᠨ ᠴᠠᠬᠢᠯᠭᠠᠨ ᠬᠡᠷᠡᠭᠰᠡᠯ ᠪᠠ ᠳᠠᠭᠤ ᠴᠢᠮᠡᠭᠡᠨ ᠤ ᠪᠠᠭᠠᠵᠢ ᠬᠡᠷᠡᠭᠰᠡᠯ ᠤᠨ ᠲᠥᠷᠥᠯ 119.4% ᠨᠡᠮᠡᠭᠳᠡᠵᠦ᠂ ᠵᠠᠰᠠᠯ ᠴᠢᠮᠡᠭᠯᠡᠯ ᠤᠨ ᠲᠥᠷᠥᠯ ᠵᠦᠢᠯ 23.6% ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠵᠦᠢᠯᠡᠰ ᠤᠨ ᠲᠥᠷᠥᠯ ᠠᠳᠠᠯᠢ ᠬᠤᠭᠤᠴᠠᠭᠠᠨ ᠤ ᠬᠢ ᠠᠴᠠ 16.2% ᠨᠡᠮᠡᠭᠳᠡᠵᠦ᠂ ᠰᠣᠶᠣᠯ ᠤᠨ ᠠᠯᠪᠠᠨ ᠭᠡᠷ ᠤᠨ ᠬᠡᠷᠡᠭᠰᠡᠯ ᠤᠨ ᠲᠥᠷᠥᠯ 21.6% ᠨᠡᠮᠡᠭᠳᠡᠪᠡ᠃      ᠨᠢᠭᠡᠳᠦᠭᠡᠷ ᠤᠯᠠᠷᠢᠯ ᠳᠤ᠂ ᠭᠤᠤᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠵᠢᠵᠢᠭᠯᠡᠨ ᠬᠤᠳᠠᠯᠳᠤᠭᠰᠠᠨ ᠲᠤᠭ᠎ᠠ ᠨᠡᠶᠢᠲᠡ 3217 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠪᠡ᠃      ᠣᠷᠣᠰᠢᠵᠤ ᠪᠠᠶᠢᠭ᠎ᠠ ᠠᠰᠠᠭᠤᠳᠠᠯ᠄ ᠭᠤᠣᠯᠳᠠᠭᠤ ᠮᠠᠨ ᠤ ᠬᠤᠲᠠ ᠶᠢᠨ ᠰᠢᠨ᠎ᠡ ᠪᠠᠷ ᠠᠵᠢᠯ ᠡᠬᠢᠯᠡᠭᠦᠯᠬᠦ ᠨᠢᠭᠡᠴᠡ ᠶᠢ ᠬᠥᠮᠥᠷᠭᠡ ᠳᠤ ᠣᠷᠣᠭᠤᠯᠬᠤ ᠲᠠᠯ᠎ᠠ ᠪᠠᠷ ᠪᠠᠭ᠎ᠠ ᠪᠠᠶᠢᠵᠤ᠂ ᠠᠵᠤ ᠠᠬᠤᠶᠢᠯᠠᠯ ᠤᠨ ᠬᠡᠪᠴᠢᠶ᠎ᠡ ᠪᠠᠭ᠎ᠠ ᠥᠷᠢᠰᠥᠯᠳᠦᠬᠦ ᠬᠦᠴᠦᠨ ᠢᠶᠠᠷ ᠴᠢᠩᠭ᠎ᠠ ᠪᠢᠰᠢ ᠪᠠᠶᠢᠨ᠎ᠠ᠃ ᠨᠢᠳᠤᠨᠤᠨ ᠵᠢᠯ ᠤᠨ ᠡᠴᠦᠰ ᠲᠤ ᠬᠥᠮᠥᠷᠭᠡ ᠳᠤ ᠣᠷᠣᠭᠤᠯᠬᠤ ᠳᠤᠮᠳᠠ ᠵᠥᠪᠬᠡᠨ 5 ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠠᠶᠢᠵᠤ᠂ ᠪᠦᠬᠦ ᠬᠤᠲᠠ ᠶᠢᠨ ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠳᠤ ᠬᠤᠪᠢ ᠨᠡᠮᠡᠷᠢ ᠦᠵᠡᠭᠦᠯᠪᠡ᠃ ᠪᠦᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠲᠤᠭ᠎ᠠ ᠵᠢᠯ ᠳᠠᠷᠠᠭᠠᠯᠠᠨ ᠨᠡᠮᠡᠭᠳᠡᠭᠰᠡᠨ ᠪᠣᠯᠪᠠᠴᠤ ᠠᠵᠤ ᠠᠬᠤᠶᠢᠯᠠᠯ ᠤᠨ ᠬᠡᠪᠴᠢᠶ᠎ᠡ ᠮᠥᠨ ᠬᠦ ᠨᠡᠶᠢᠳᠡᠮ ᠪᠠᠭ᠎ᠠ ᠪᠠᠶᠢᠵᠤ᠂ ᠳᠤᠮᠳᠠ ᠪᠠᠭ᠎ᠠ ᠬᠡᠯᠪᠡᠷᠢ ᠶᠢᠨ ᠠᠵᠤ ᠠᠬᠤᠶᠢᠯᠠᠯ᠂ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ ᠲᠠᠯ᠎ᠠ ᠪᠠᠷ ᠭᠤᠤᠯ ᠴᠣᠭᠴᠠ ᠶᠢ ᠡᠵᠡᠯᠡᠪᠡ᠃ ᠣᠲᠣ ᠪᠣᠯᠲᠠᠯ᠎ᠠ᠂ ᠮᠠᠨ ᠤ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠨᠡᠶᠢᠲᠡ 26 ᠪᠠᠶᠢᠵᠤ᠂ ᠡᠭᠦᠨ ᠳᠤ ᠬᠡᠯᠪᠡᠷᠢ ᠶᠢᠨ ᠠᠵᠤ ᠠᠬᠤᠶᠢᠯᠠᠯ 2 ᠪᠠᠶᠢᠵᠤ᠂ ᠪᠤᠰᠤᠳ ᠨᠢ ᠴᠥᠮ ᠵᠢᠵᠢᠭ ᠪᠢᠴᠢᠯ ᠠᠵᠤ ᠠᠬᠤᠶᠢᠯᠠᠯ ᠪᠠᠶᠢᠵᠤ᠂ ᠬᠡᠪᠴᠢᠶ᠎ᠡ ᠪᠠᠷ ᠶᠡᠭᠡ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠴᠢᠩᠭ᠎ᠠ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠪᠠᠶᠢᠵᠤ᠂ ᠰᠢᠶᠠᠨ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠲᠡᠩᠴᠡᠭᠦᠷᠢ ᠥᠬᠡᠶ ᠪᠠᠶᠢᠨ᠎ᠠ᠃      ᠰᠠᠨᠠᠭᠤᠯᠭ᠎ᠠ᠄ ᠨᠢᠭᠡ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠪᠠᠶᠠᠷ ᠤᠨ ᠡᠳᠦᠷ ᠤᠨ ᠦᠢᠯᠡᠳᠦᠯ ᠢ ᠠᠳᠬᠤᠵᠤ᠂ ᠠᠵᠤ ᠠᠬᠤᠶᠢᠯᠠᠯ ᠢᠯᠠᠩᠭᠤᠶ᠎ᠠ ᠬᠢᠵᠠᠭᠠᠷᠯᠠᠯ ᠠᠴᠠ ᠳᠡᠭᠡᠭᠰᠢᠬᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠲᠣᠰᠣᠨ ᠤ ᠵᠦᠢᠯ᠂ ᠮᠠᠰᠢᠨ ᠲᠡᠷᠭᠡ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠵᠢᠯᠴᠠᠨ ᠬᠦᠴᠦᠯᠡᠵᠦ᠂ ᠭᠤᠣᠯᠳᠠᠯᠭ᠎ᠠ ᠲᠠᠢ ᠲᠠᠸᠠᠷ ᠤᠨ ᠪᠣᠷᠣᠯᠠᠭᠤᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠵᠣᠷᠢᠭᠵᠢᠭᠤᠯᠵᠤ ᠪᠠᠶᠢᠭᠠᠳ ᠣᠯᠠᠨ ᠬᠡᠯᠪᠡᠷᠢ ᠶᠢᠨ ᠬᠠᠷᠠᠭᠠᠯᠵᠠᠯ ᠦᠵᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号