ᠮᠠᠨ ᠤ ᠬᠤᠲᠠ 2024 ᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/13
     5 ᠰᠠᠷ᠎ᠠ ᠶᠢᠨ 11 ᠤ ᠡᠳᠦᠷ᠂ ᠮᠠᠨ ᠤ ᠬᠤᠲᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ 2024 ᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
    ᠶᠣᠰᠣᠯᠠᠯ ᠳᠡᠭᠡᠷ᠎ᠡ᠂ ᠬᠤᠲᠠ ᠶᠢᠨ ᠭᠠᠮᠰᠢᠭ ᠢ ᠪᠠᠭᠠᠰᠬᠠᠬᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠦᠵᠡᠭᠦᠯᠦᠯᠭᠡ ᠶᠢᠨ ᠰᠠᠮᠪᠠᠷ᠎ᠠ ᠪᠠᠶᠢᠷᠢᠯᠠᠭᠤᠯᠬᠤ᠂ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠠᠷᠠᠳ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠥᠷᠭᠡᠨ ᠢᠶᠠᠷ ᠲᠦᠭᠡᠮᠡᠯᠵᠢᠭᠦᠯᠪᠡ᠃
    ᠠᠵᠢᠯᠯᠠᠭ᠎ᠠ ᠶᠢᠨ ᠳᠤᠮᠳᠠ᠂ ᠪᠠᠰᠠ ᠭᠠᠯ ᠤᠨᠲᠠᠷᠠᠭᠠᠬᠤ ᠠᠮᠤᠷ ᠲᠦᠪᠰᠢᠨ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠯ ᠥᠷᠨᠢᠭᠦᠯᠪᠡ᠃ ᠭᠠᠯ ᠤᠨᠲᠠᠷᠠᠭᠠᠬᠤ ᠠᠩᠭᠢ ᠶᠢᠨ ᠭᠡᠰᠢᠭᠦᠳ ᠬᠤᠲᠠ ᠶᠢᠨ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠢ ᠵᠥᠪ ᠬᠡᠷᠡᠭᠯᠡᠬᠦ ᠠᠷᠭ᠎ᠠ ᠵᠡᠷᠭᠡ ᠮᠡᠳᠡᠯᠭᠡ ᠶᠢ ᠨᠠᠷᠢᠨ ᠲᠠᠨᠢᠯᠴᠠᠭᠤᠯᠪᠠ︔ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ︽ᠪᠣᠳᠠᠲᠤ ᠪᠣᠯᠪᠠᠰᠤᠷᠠᠯ ᠤᠨ ᠣᠨᠣᠯ︾ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠷᠦᠬᠡ ᠠᠭᠤᠰᠬᠢᠨ ᠤ ᠰᠡᠷᠭᠦᠯᠲᠡ᠂ AED ᠶᠢᠨ ᠬᠡᠷᠡᠭᠯᠡᠯᠲᠡ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃
     ᠲᠤᠬᠠᠢ ᠶᠢᠨ ᠲᠠᠯᠠᠪᠠᠢ ᠳᠤ᠂ ᠬᠤᠳᠠ ᠶᠢᠨ ᠠᠷᠠᠳ ᠤᠯᠠᠨ ᠪᠣᠳᠠᠲᠠᠢ ᠪᠣᠯᠪᠠᠰᠤᠷᠠᠯ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ᠪᠣᠳᠠᠲᠤ ᠬᠡᠷᠡᠭᠴᠡᠭᠡ ᠲᠠᠢ ᠲᠦᠷᠭᠡᠨ ᠠᠪᠤᠷᠠᠯᠳᠠ ᠶᠢᠨ ᠮᠡᠳᠡᠯᠭᠡ ᠪᠣᠯᠤᠨ ᠲᠦᠷᠭᠡᠨ ᠠᠪᠤᠷᠠᠯᠳᠠ ᠶᠢᠨ ᠤᠷ᠎ᠠ ᠴᠢᠳᠠᠪᠤᠷᠢ ᠶᠢ ᠡᠵᠡᠮᠰᠢᠵᠦ᠂ ᠠᠮᠢ ᠨᠠᠰᠤᠨ ᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠪᠡ᠃      ᠣᠶᠢᠯᠠᠭᠠᠭᠰᠠᠨ ᠢᠶᠠᠷ᠂ ᠡᠨᠡ ᠵᠢᠯ ᠤᠨ 5 ᠰᠠᠷ᠎ᠠ ᠶᠢᠨ 12 ᠤ ᠡᠳᠦᠷ ᠪᠣᠯ 16 ᠳ᠋ᠤᠭᠠᠷ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ 5 ᠳ᠋ᠤᠭᠠᠷ ᠰᠠᠷ᠎ᠠ ᠶᠢᠨ 11 ᠤ ᠡᠳᠦᠷ ᠠᠴᠠ 17 ᠤ ᠡᠳᠦᠷ ᠪᠣᠯᠲᠠᠯ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠲᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ — ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ︾ ᠭᠤᠤᠯ ᠰᠡᠳᠦᠪ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号