ᠤᠷᠴᠢᠭᠤᠯᠤᠠᠠᠴᠢ᠄ ᠪᠦᠷᠢᠩᠭᠤᠸ᠎ᠠ | | ᠲᠠᠶᠢᠯᠪᠦᠷᠢ᠄ | ᠡᠷᠢᠶᠡᠨ ᠬᠢᠯᠢ ᠶᠢᠨ ᠪᠣᠭᠤᠮᠲᠠ ᠶᠢᠨ ᠪᠦᠷᠢᠳᠬᠡᠯ ᠢ ᠦᠨᠳᠤᠰᠤᠯᠠᠪᠡᠯ ᠂ 5 ᠰᠠᠷ᠎ᠠ ᠶᠢᠨ 7 ᠤ ᠡᠳᠦᠷ | ᠪᠣᠯᠲᠠᠯ᠎ᠠ᠂ ᠡᠨᠡ ᠵᠢᠯ ᠡᠷᠢᠶᠡᠨ ᠪᠣᠭᠤᠮᠲᠠ ᠪᠠᠷ ᠣᠷᠣᠵᠤ ᠭᠠᠷᠤᠠᠠᠰᠡᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ | ᠭᠠᠯᠲᠤ ᠲᠡᠷᠭᠡᠨ ᠤ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 100 ᠲᠦᠮᠡᠨ ᠲᠣᠨ ᠢ ᠳᠠᠪᠠᠵᠤ᠂ 106 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.62% ᠪᠠᠷ ᠨᠡᠮᠡᠭᠳᠡᠵᠦ᠂ ᠪᠠᠷᠠᠭᠠᠨ ᠤ ᠥᠷᠲᠡᠭ | 148 ᠳ᠋ᠦᠩᠰᠢᠭᠤᠷ ᠲᠥᠭᠦᠷᠢᠭ ᠲᠤ ᠬᠦᠷᠴᠡᠢ᠃ | ᠣᠳᠣᠬᠠᠨ ᠳᠤ᠂ ᠡᠷᠢᠶᠡᠨ ᠪᠣᠭᠤᠮᠲᠠ ᠪᠠᠷ ᠦᠩᠭᠡᠷᠡᠵᠦ ᠪᠠᠶᠢᠭ᠎ᠠ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠭᠠᠯᠲᠤ ᠲᠡᠷᠭᠡᠨ ᠤ ᠵᠠᠮ ᠱᠤᠭᠤᠮ ᠨᠢᠭᠡᠨᠲᠡ 71 ᠵᠤᠷᠪᠤᠰ ᠬᠦᠷᠴᠦ᠂ ᠠᠽᠢᠶ᠎ᠠ ᠲᠢᠪ᠂ ᠡᠸᠦ᠋ᠷᠦᠫᠡ | ᠲᠢᠪ ᠤᠨ 10 ᠭᠠᠷᠤᠢ ᠤᠯᠤᠰ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ 140 ᠭᠠᠷᠤᠢ ᠬᠤᠳᠠ | ᠦᠷᠳᠡᠭᠡ ᠶᠢ ᠬᠠᠮᠤᠷᠴᠤ᠂ ᠭᠤᠤᠯᠳᠠᠭᠤ ᠮᠠᠰᠢᠨ ᠲᠡᠷᠭᠡ ᠵᠢᠴᠢ ᠰᠡᠯᠪᠢᠭ ᠲᠤᠨᠤᠭ᠂ ᠮᠠᠰᠢᠨ ᠴᠠᠬᠢᠯᠭᠠᠨ ᠤ | ᠲᠥᠬᠦᠭᠡᠷᠦᠮᠵᠢ᠂ ᠭᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠮᠡ ᠭᠠᠷᠤᠢ ᠵᠦᠢᠯ ᠤᠨ ᠪᠠᠷᠠᠭ᠎ᠠ ᠶᠢ | ᠲᠡᠭᠡᠭᠡᠪᠦᠷᠢᠯᠡᠵᠦ ᠪᠤᠢ᠃ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠪᠣᠭᠤᠮᠲᠠ ᠪᠠᠷ ᠥᠩᠭᠡᠷᠡᠬᠦ | ᠦᠢᠯᠡᠴᠢᠯᠡᠭᠡᠨ ᠤ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ | ᠭᠠᠯᠲᠤ ᠲᠡᠷᠭᠡᠨ ᠤ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠡᠷᠢᠶᠡᠨ ᠬᠢᠯᠢ ᠶᠢᠨ | ᠪᠣᠭᠤᠮᠲᠠ ︽ᠣᠶᠤᠨᠲᠤ ᠬᠢᠯᠢ ᠶᠢᠨ ᠪᠣᠭᠤᠮᠲᠠ︾ ︽ᠣᠶᠤᠨᠲᠤ ᠪᠣᠭᠤᠮᠲᠠ︾ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠤᠯᠪᠤᠭᠠᠯᠠᠨ ︽ᠨᠢᠭᠡ ᠦᠷᠳᠡᠭᠡᠴᠢᠯᠡᠭᠰᠡᠨ︾ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭᠠᠨ ᠤ ᠬᠢᠨᠠᠯᠲᠠ ᠬᠠᠮᠢᠶᠠᠷᠤᠯᠲᠠ ᠪᠣᠯᠣᠨ ᠪᠠᠷᠠᠭᠠᠨ ᠤ ᠭᠦᠢᠯᠭᠡᠭᠡᠨ ᠤ ︽ᠲᠡᠮᠦᠷ ᠵᠠᠮ ᠤᠨ ᠪᠣᠭᠤᠮᠲᠠ ᠪᠠᠷ | ᠲᠦᠷᠭᠡᠨ ᠥᠩᠭᠡᠷᠡᠬᠦ︾ ᠲᠤᠬᠠᠶᠢᠯᠠᠭᠰᠠᠨ ᠠᠵᠢᠯ ᠤᠨ ᠵᠠᠭᠪᠤᠷ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ︽ | ᠲᠡᠷᠭᠡᠨ ᠳᠤ ᠰᠢᠭᠤᠳ ᠲᠡᠭᠡᠭᠡᠪᠦᠷᠢᠯᠡᠬᠦ︾ ᠵᠡᠷᠭᠡ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠥᠷᠨᠢᠭᠦᠯᠵᠦ᠂ | ᠪᠣᠭᠤᠮᠲᠠ ᠶᠢᠨ ᠡᠭᠡᠯᠵᠢ ᠶᠢᠨ ᠭᠠᠯᠲᠤ ᠲᠡᠷᠭᠡᠨ ᠤ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ 70% ᠠᠴᠠ | ᠳᠡᠭᠡᠭᠰᠢ ᠲᠡᠭᠡᠭᠰᠢᠯᠡᠭᠦᠯᠵᠠᠢ ᠃ | | |