ᠡᠨᠡ ᠵᠢᠯ ᠤᠨ ᠲᠦᠷᠦᠭᠦᠸ 4 ᠰᠠᠷ᠎ᠠ ᠳᠤ ᠡᠷᠢᠶᠡᠨ  ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠠᠠᠰᠡᠨ ᠠᠴᠢᠶ᠎ᠡ  ᠲᠡᠭᠡᠭᠡᠪᠦᠷᠢ ᠶᠢᠨ ᠬᠡᠮᠵᠢᠶ᠎ᠡ  600 ᠲᠦᠮᠡᠨ ᠲᠣᠨ ᠢ  ᠲᠠᠪᠠᠭᠰᠡᠨ
ᠨᠡᠶᠢᠲᠡᠯᠡᠭᠰᠡᠨ ᠴᠠᠭ᠄
2024/5/13
ᠤᠷᠴᠢᠭᠤᠯᠤᠠᠠᠴᠢ᠄  ᠪᠦᠷᠢᠩᠭᠤᠸ᠎ᠠ ᠲᠠᠶᠢᠯᠪᠦᠷᠢ᠄        ᠡᠷᠢᠶᠡᠨ ᠬᠢᠯᠢ ᠶᠢᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠸ 4 ᠰᠠᠷ᠎ᠠ ᠳᠤ᠂ ᠡᠷᠢᠶᠡᠨ  ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠠᠠᠰᠡᠨ ᠠᠴᠢᠶ᠎ᠡ  ᠲᠡᠭᠡᠭᠡᠪᠦᠷᠢ ᠶᠢᠨ ᠬᠡᠮᠵᠢᠶ᠎ᠡ 600.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ ᠡᠭᠦᠨ ᠳᠤ ᠭᠠᠳᠠᠭᠠᠳᠤ  486.1 ᠲᠦᠮᠡᠨ ᠲᠣᠨ  ᠤᠷᠤᠭᠤᠯᠵᠦ᠂ ᠠᠳᠠᠯᠢ ᠬᠤᠭᠤᠴᠠᠭᠠᠨ ᠤ ᠬᠢ ᠠᠴᠠ 1% ᠪᠠᠷ  ᠨᠡᠮᠡᠭᠳᠡᠵᠠᠢ᠃  ᠭᠠᠳᠠᠭᠠᠳᠤ ᠳᠤ ᠭᠠᠷᠭᠠᠭᠰᠠᠨ ᠬᠡᠮᠵᠢᠶ᠎ᠡ 114.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠪᠡ᠃         ᠡᠨᠡ ᠵᠢᠯ ᠠᠴᠠ  ᠨᠠᠭᠠᠰᠢ᠂ ᠡᠷᠢᠶᠡᠨ  ᠪᠣᠭᠤᠮᠲᠠ ᠬᠢᠯᠢ ᠶᠢᠨ  ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠵᠤ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠬᠢᠷᠢ  ᠲᠦᠪᠰᠢᠨ ᠢᠶᠠᠨ ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠪᠣᠭᠤᠮᠲᠠ ᠪᠠᠷ   ᠦᠨᠳᠤᠷ ᠪᠦᠳᠦᠮᠵᠢᠳᠠᠢ  ᠦᠩᠭᠡᠷᠡᠬᠦ ᠶᠢ ᠦᠷᠭᠦᠯᠵᠢᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ  ᠳᠤ ᠳᠥᠭᠦᠮ ᠳᠥᠲᠡ ᠥᠨᠳᠥᠷ ᠪᠦᠲᠦᠮᠵᠢᠲᠡᠶ  ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ  ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠠᠰᠤᠷᠠᠯᠳᠡ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ  ᠬᠠᠨᠳᠤᠰᠢ ᠢᠯᠡᠷᠡᠵᠡᠢ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号