ᠰᠢᠨ᠎ᠡ ᠠᠵᠢᠯ ᠣᠯᠭᠤᠯᠲᠠ ᠶᠢᠨ ᠬᠡᠯᠪᠡᠷᠢ   ᠬᠥᠳᠡᠯᠮᠦᠷᠢᠴᠢᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/5/13
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄        ᠤᠶᠢᠷ᠎ᠡ ᠶᠢᠨ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠲᠦᠷᠭᠡᠨ ᠬᠦᠷᠭᠡᠭᠴᠢ᠂ ᠪᠠᠷᠠᠭᠠᠨ ᠤ ᠲᠡᠷᠭᠡ ᠶᠢᠨ ᠵᠢᠯᠣᠭᠤᠴᠢ᠂ ᠵᠠᠬᠢᠶᠠᠯᠠᠭ᠎ᠠ ᠶᠢᠨ  ᠲᠦᠷᠭᠡᠨ ᠬᠦᠷᠭᠡᠭᠴᠢ ᠵᠡᠷᠭᠡ ᠬᠦᠷᠢᠶᠡᠨ ᠳᠠᠬᠢ  ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠶᠢᠮᠠᠭ ᠤᠨ ᠠᠵᠢᠯᠴᠢᠨ ᠤ ᠡᠪᠯᠡᠯ ᠲᠠᠢ ᠬᠠᠮᠲᠤ ᠪᠠᠷ ︽ᠰᠡᠳᠬᠢᠯ ᠢᠶᠠᠨ ᠨᠢᠭᠡᠳᠬᠡᠨ  ᠬᠦᠴᠦ ᠪᠠᠨ ᠬᠠᠮᠳᠤᠳᠬᠠᠵᠦ᠂ ᠨᠠᠮ ᠢᠶᠠᠨ ᠳᠠᠭᠠᠵᠤ  ᠣᠳᠣᠬᠢᠴᠢᠯᠠᠯᠲᠠ ᠶᠢ ᠬᠠᠮᠲᠤ ᠪᠠᠷ ᠪᠦᠲᠦᠭᠡᠨ ᠪᠠᠶᠢᠭᠤᠯᠤᠶ᠎ᠠ  ︾ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠢ ᠲᠣᠬᠤᠨᠢᠭᠤᠯᠬᠤ ᠵᠢᠴᠢ ︽ᠬᠥᠳᠡᠯᠮᠦᠷᠢ ᠪᠠᠷ ᠬᠦᠰᠡᠯ ᠵᠡᠭᠦᠳᠦ ᠪᠠᠨ  ᠲᠡᠷᠭᠡᠯᠰᠢᠭᠦᠯᠵᠦ᠂  ᠬᠠᠤᠯᠢᠵᠢᠯ ᠲᠠᠢ ᠤᠶᠠᠯᠳᠤᠭᠤᠯᠬᠤ︾ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ   ᠡᠷᠬᠢᠯᠡᠵᠦ᠂  ᠮᠠᠨ ᠤ ᠬᠤᠲᠠ ᠶᠢᠨ 252 ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ  ᠲᠤᠬᠤᠨᠢᠭᠤᠯᠭ᠎ᠠ ᠶᠢᠨ ᠪᠡᠯᠡᠭ  ᠲᠤᠰᠴᠠᠢ᠃ ᠲᠠᠶᠢᠯᠪᠦᠷᠢ᠄         ᠠᠵᠢᠯᠯᠠᠭ᠎ᠠ  ᠳᠤᠮᠳᠠ᠂ ᠠᠵᠢᠯᠴᠢᠨ ᠤ ᠡᠪᠯᠡᠯ ᠤᠨ ᠠᠵᠢᠯᠲᠠᠳ ᠲᠦᠷᠭᠡᠨ ᠬᠦᠷᠭᠡᠭᠴᠢ᠂ ᠪᠠᠷᠠᠭᠠᠨ ᠤ ᠲᠡᠷᠭᠡ ᠶᠢᠨ ᠵᠢᠯᠣᠭᠤᠴᠢ᠂ ᠵᠠᠬᠢᠶᠠᠯᠠᠭ᠎ᠠ ᠶᠢᠨ ᠲᠦᠷᠭᠡᠨ ᠬᠦᠷᠭᠡᠭᠴᠢ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠳᠤ ︽ᠠᠵᠢᠯᠴᠢᠨ ᠤ ᠡᠪᠯᠡᠯ ᠤᠨ ᠬᠠᠤᠯᠢ︾᠂ ︽ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠭᠠᠷ ᠳᠡᠪᠲᠡᠷ︾᠂ ︽ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠶᠢᠨ ᠭᠠᠷ ᠳᠡᠪᠲᠡᠷ ᠢ ᠤᠬᠠᠭᠤᠯᠤᠨ ᠲᠦᠭᠡᠮᠡᠯᠵᠢᠭᠦᠯᠵᠦ᠂ ᠣᠯᠠᠨ ᠢ ᠬᠠᠪᠰᠤᠷᠤᠨ ᠬᠠᠤᠯᠢ ᠴᠠᠭᠠᠵᠠ ᠶᠢᠨ ᠮᠡᠳᠡᠯᠭᠡ ᠶᠢ ᠣᠶᠢᠯᠠᠭᠠᠭᠤᠯᠵᠤ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠢ  ᠲᠡᠭᠡᠭᠰᠢᠯᠡᠭᠦᠯᠵᠠᠢ᠃ ᠲᠤᠬᠠᠢ ᠶᠢᠨ ᠲᠠᠯᠠᠪᠤᠷ ᠲᠤ ᠲᠤᠲᠤᠷᠭ᠎ᠠ᠂ ᠰᠦ ᠵᠡᠷᠭᠡ ᠲᠣᠬᠤᠨᠢᠭᠤᠯᠬᠤ ᠪᠣᠳᠠᠰ ᠲᠠᠷᠬᠠᠭᠠᠵᠤ᠂ ᠠᠵᠢᠯᠲᠠᠨ ᠠᠵᠢᠯᠴᠢᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠠᠵᠢᠯᠲᠠᠨ ᠠᠵᠢᠯᠴᠢᠨ ᠤ  ᠵᠣᠯ  ᠵᠢᠷᠭᠠᠯᠳᠦ ᠲᠦᠷᠦᠭᠳᠡᠯ ᠢ ᠨᠢ  ᠨᠡᠮᠡᠭᠳᠡᠭᠦᠯᠵᠠᠢ᠃          ᠣᠶᠢᠯᠠᠭᠠᠭᠰᠠᠨ ᠢᠶᠠᠷ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠭᠡᠳᠡᠭ ᠨᠢ ᠭᠤᠣᠯᠳᠠᠭᠤ ᠪᠠᠷᠠᠭᠠᠨ ᠤ ᠲᠡᠷᠭᠡ ᠶᠢᠨ ᠵᠢᠯᠣᠭᠤᠴᠢ᠂ ᠲᠦᠷᠭᠡᠨ ᠬᠦᠷᠭᠡᠭᠴᠢ᠂ ᠵᠠᠬᠢᠶᠠᠯᠠᠭ᠎ᠠ ᠶᠢᠨ ᠲᠦᠷᠭᠡᠨ ᠬᠦᠷᠭᠡᠭᠴᠢ  ᠶᠢ ᠵᠢᠭᠠᠵᠤ ᠪᠣᠶ᠃ ᠠᠵᠢᠯᠲᠠᠨ ᠠᠵᠢᠯᠴᠢᠨ ᠲᠦᠮᠡᠨ ᠤ ︽ ᠭᠡᠷ ᠤᠨ ᠬᠥᠮᠥᠨ︾ ᠪᠣᠯᠤᠭᠰᠠᠨ ᠤ ᠬᠤᠪᠢ ᠳᠤ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ  ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠢ ᠬᠠᠯᠠᠮᠵᠢᠯᠠᠨ ᠬᠠᠶᠢᠷᠠᠯᠠᠬᠤ ᠠᠵᠢᠯ ᠢ  ᠠᠵᠢᠯ ᠤᠨ ᠭᠤᠣᠯᠳᠠᠯᠭ᠎ᠠ  ᠪᠣᠯᠭᠠᠵᠤ᠂ ᠣᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠤ ᠬᠠᠤᠯᠢ ᠪᠠᠷ ᠵᠠᠰᠠᠬᠤ ᠤᠬᠠᠮᠰᠠᠷ ᠢ  ᠴᠢᠩᠭᠠᠳᠬᠠᠨ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠡᠶᠢᠭᠡᠮ  ᠳᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ ᠢ ᠬᠦᠨᠳᠦᠳᠬᠡᠨ ᠬᠠᠯᠠᠮᠵᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ  ᠶᠢ ᠵᠤᠷᠢᠵᠠᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号