ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 3 ᠰᠠᠷ᠎ᠠ ᠶᠢᠨ ᠲᠣᠮᠣ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/5/13
             3 ᠰᠠᠷ᠎ᠠ ᠶᠢᠨ 1 ᠤ ᠡᠳᠦᠷ᠂ ᠪᠥᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ᠂ ᠸᠠᠩ ᠳ᠋ᠦᠩ ᠱᠧᠩ᠂ ᠵᠠᠩ ᠶᠦᠩ ᡁᠢ᠂ ᠰᠢᠯᠢᠨᠪᠠᠭᠠᠳᠣᠷ᠂ ᠵᠧᠤ ᠵᠢᠩ ᠷᠠᠨ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠢᠦᠶ ᠰᠢᠶᠠᠩ ᠹᠸᠢ ᠣᠷᠣᠯᠴᠠᠵᠠᠶ᠃      3 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠰᠤᠳᠤᠯᠬᠤ ᠪᠦᠯᠬᠦᠮ ᠢ ᠳᠠᠭᠠᠵᠤ ᠭᠤᠸᠠᠩᠰᠢ ᠵᠡᠷᠭᠡ ᠭᠠᠵᠠᠷ ᠲᠤ ᠬᠦᠷᠴᠦ᠂ ᠬᠢᠯᠢ ᠶᠢᠨ ᠢᠷᠭᠡᠳ ᠤᠨ ᠬᠤᠳᠠᠯᠳᠣᠭᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠵᠢᠴᠢ ᠭᠠᠳᠠᠭᠠᠳᠤ ᠠᠴᠠ ᠣᠷᠣᠭᠤᠯᠬᠤ ᠶᠢ ᠪᠣᠳᠠᠲᠠᠶᠢᠵᠢᠭᠤᠯᠤᠨ ᠪᠣᠯᠪᠠᠰᠤᠷᠠᠭᠤᠯᠬᠤ ᠤᠴᠢᠷ ᠶᠠᠪᠤᠳᠠᠯ ᠢ ᠪᠠᠶᠢᠴᠠᠭᠠᠨ ᠰᠤᠳᠤᠯᠪᠠ᠃      ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠤᠸᠠᠨ ᠳ᠋ᠢ ᠵᠢᠶᠠ ᠶᠤᠸᠠᠨ ᠰᠠᠭᠤᠭᠠᠯᠢ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ ᠡᠷᠬᠡ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ 2024 ᠣᠨ ᠤ ᠭᠤᠤᠯᠳᠠᠯᠭ᠎ᠠ ᠲᠠᠢ ᠠᠵᠢᠯ ᠵᠡᠷᠭᠡ ᠶᠠᠪᠤᠳᠠᠯ ᠢ ᠳᠣᠭᠢᠷᠠᠭᠤᠯᠤᠨ ᠪᠠᠶᠢᠷᠢᠯᠠᠭᠤᠯᠪᠠ᠃      ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠧᠤ ᠵᠢᠩ ᠷᠠᠨ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠲᠣᠭᠲᠠᠮᠠᠯ ᠬᠥᠷᠥᠩᠭᠡ ᠶᠢᠨ ᠥᠮᠴᠢᠯᠡᠬᠦ ᠡᠷᠬᠡ ᠶᠢ ᠬᠦᠢᠴᠡᠳᠬᠡᠬᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠪᠠᠶᠢᠭᠤᠯᠤᠮᠵᠢ ᠶᠢᠨ ᠲᠣᠬᠢᠷᠠᠭᠤᠯᠤᠯᠲᠠ ᠵᠢᠴᠢ ᠠᠵᠢᠯᠯᠠᠭᠠᠨ ᠤ ᠬᠠᠮᠢᠶᠠᠷᠤᠯᠲᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      3 ᠰᠠᠷ᠎ᠠ ᠶᠢᠨ 5 ᠤ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠬᠥᠬᠡᠬᠤᠲᠠ ᠳᠤ ᠬᠦᠷᠴᠦ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠨᠠᠮ ᠤᠨ ᠰᠤᠷᠭᠠᠭᠤᠯᠢ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠬᠠᠮᠲᠤᠷᠠᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠸᠢᠳᠢᠣ᠋ ᠪᠣᠯᠪᠠᠰᠤᠷᠠᠯ ᠤᠨ ᠠᠩᠭᠢ ᠶᠢ ᠡᠷᠭᠢᠯᠡᠪᠡ᠃      3 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 2024 ᠣᠨ ᠤ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠢ ᠤᠷᠢᠳᠴᠢᠯᠠᠨ ᠵᠢᠱᠢᠬᠦ ᠠᠵᠢᠯ ᠢ ᠰᠤᠳᠤᠯᠪᠠ᠃      ᠲᠣᠰ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠯᠢᠨᠪᠠᠭᠠᠳᠣᠷ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠬᠢᠯᠢ ᠬᠢᠵᠠᠭᠠᠷ ᠣᠷᠣᠨ ᠤ ᠰᠦᠷᠳᠡᠭᠦᠯᠦᠯ ᠢ ᠡᠰᠡᠷᠭᠦᠴᠡᠬᠦ᠂ ᠬᠤᠶᠠᠷ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      3 ᠰᠠᠷ᠎ᠠ ᠶᠢᠨ 8 ᠤ ᠡᠳᠦᠷ᠂ 2024 ᠣᠨ ᠤ ᠬᠠᠪᠤᠷ ᠤᠨ ᠤᠯᠠᠷᠢᠯ ᠤᠨ ᠴᠡᠷᠢᠭ ᠲᠣᠭᠲᠠᠭᠠᠬᠤ ᠶᠢ ᠬᠢᠨᠠᠨ ᠵᠥᠪᠰᠢᠶᠡᠷᠡᠬᠦ ᠬᠤᠷᠠᠯ ᠬᠤᠷᠠᠯᠳᠤᠭᠤᠯᠵᠤ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠬᠤᠷᠠᠯ ᠳᠤ ᠣᠷᠣᠯᠴᠠᠪᠠ᠃      3 ᠳ᠋ᠤᠭᠠᠷ ᠰᠠᠷ᠎ᠠ ᠶᠢᠨ 11 ᠤ ᠡᠳᠦᠷ᠂ 2024 ᠣᠨ ᠤ ᠭᠤᠷᠪᠠᠳᠤᠭᠠᠷ ᠤᠳᠠᠭ᠎ᠠ ᠶᠢᠨ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 97 ᠳ᠋ᠤᠭᠠᠷ ᠤᠳᠠᠭ᠎ᠠ ᠶᠢᠨ ︵2024 ᠣᠨ ᠤ 10 ᠳ᠋ᠤᠭᠠᠷ ᠤᠳᠠᠭ᠎ᠠ︶ ᠶᠢᠨ ᠬᠤᠷᠠᠯ ᠵᠢᠴᠢ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠰᠢᠶᠤᠤ ᠵᠢᠶᠠᠨ ᠵᠢᠶᠦ᠋ᠨ᠂ ᠬᠤᠳᠠ ᠶᠢᠨ ᠳᠡᠳ᠋ ᠳᠠᠷᠤᠭ᠎ᠠ ᠸᠠᠩ ᠳ᠋ᠦᠩ ᠱᠧᠩ᠂ ᠵᠠᠩ ᠶᠦᠩ ᡁᠢ᠂ ᠵᠧᠦ ᠵᠢᠩ ᠷᠠᠨ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠢᠦᠢ ᠰᠢᠶᠠᠩ ᠹᠸᠢ ᠣᠷᠣᠯᠴᠠᠪᠠ᠃      ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠴᠠᠩᠴᠦ᠋ᠨ ᠬᠤᠲᠠ ᠳᠤ ᠬᠦᠷᠴᠦ ︽ᠪᠥᠬᠦ ᠣᠷᠣᠨ ᠤ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠠᠬᠢᠭᠤᠯᠤᠨ ᠨᠠᠶᠢᠳᠠᠪᠤᠷᠢᠵᠢᠭᠤᠯᠬᠤ︾ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠳᠤ ᠣᠷᠣᠯᠴᠠᠪᠠ᠃      ᠲᠣᠰ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠰᠢᠯᠢᠩᠬᠤᠲᠠ ᠳᠤ ᠬᠦᠷᠴᠦ ᠵᠢᠨᠢᠩ ᠲᠡᠮᠦᠷ ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠤᠷᠢᠶ᠎ᠠ ᠶᠢᠨ ᠣᠷᠴᠢᠨ ᠲᠣᠭᠤᠷᠢᠨ ᠤ ᠡᠳ᠋ ᠬᠥᠷᠥᠩᠭᠡ ᠶᠢᠨ ᠬᠡᠷᠡᠭ ᠢ ᠲᠥᠪᠯᠡᠷᠡᠭᠦᠯᠦᠨ ᠬᠠᠷᠢᠶᠠᠯᠠᠬᠤ ᠰᠢᠯᠢ ᠶᠢᠨ ᠭᠤᠣᠯ ᠠᠶᠢᠮᠠᠭ ᠤᠨ ᠬᠠᠷᠢᠶ᠎ᠠ ᠣᠷᠣᠨ ᠤ ᠬᠠᠮᠲᠤᠷᠠᠭᠰᠠᠨ ᠲᠤᠬᠠᠶ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃      3 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠲᠠ ᠶᠢᠨ ᠳᠠᠷᠤᠭ᠎ᠠ ᠶᠢᠨ ᠲᠤᠰᠬᠠᠢ ᠰᠡᠳᠦᠪᠲᠦ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ᠂ ᠠᠶᠤᠯᠭᠦᠢ ᠦᠢᠯᠡᠳᠪᠦᠷᠢᠯᠡᠯ᠂ ᠬᠤᠶᠠᠳᠤᠭᠠᠷ ᠵᠥᠪᠳᠡᠯᠴᠡᠭᠡᠷ ᠤᠨ ᠬᠤᠷᠠᠯ ᠵᠡᠷᠭᠡ ᠶᠠᠪᠤᠳᠠᠯ ᠢ ᠲᠣᠬᠢᠷᠠᠭᠤᠯᠤᠨ ᠪᠠᠶᠢᠷᠢᠯᠠᠭᠤᠯᠪᠠ᠃      ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠵᠧᠦ ᠵᠢᠩ ᠷᠠᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠬᠤ ᠵᠢᠴᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠲᠠ ᠶᠢᠨ ᠳᠠᠷᠤᠭ᠎ᠠ ᠶᠢᠨ ᠲᠤᠰᠬᠠᠢ ᠰᠡᠳᠦᠪᠲᠦ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠵᠡᠷᠭᠡ ᠶᠠᠪᠤᠳᠠᠯ ᠢ ᠲᠣᠬᠢᠷᠠᠭᠤᠯᠤᠨ ᠪᠠᠶᠢᠷᠢᠯᠠᠭᠤᠯᠪᠠ᠃      ᠲᠣᠰ ᠡᠳᠦᠷ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠰᠢᠯᠢᠩᠬᠤᠲᠠ ᠳᠤ ᠬᠦᠷᠴᠦ ︽ᠪᠥᠬᠦ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠤ ᠶᠠᠷᠢᠯᠴᠠᠬᠤ ᠬᠤᠷᠠᠯ︾ ᠳᠤ ᠣᠷᠣᠯᠴᠠᠪᠠ᠃      3 ᠰᠠᠷ᠎ᠠ ᠶᠢᠨ 14 ᠤ ᠡᠳᠦᠷ᠂ ᠪᠥᠬᠦ ᠣᠷᠣᠨ ᠤ ᠪᠠᠯᠠ ᠲᠣᠬᠢᠷᠠᠭᠤᠯᠭ᠎ᠠ ᠶᠢᠨ ᠲᠠᠪᠴᠠᠩ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠣᠷᠣᠯᠴᠠᠵᠠᠶ᠃      ᠲᠤᠰ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠸᠢᠳᠢᠣ᠋ ᠬᠤᠷᠠᠯ ᠬᠤᠷᠠᠯᠳᠤᠭᠤᠯᠵᠤ᠂ ᠬᠤᠳᠠ ᠶᠢᠨ ᠳᠡᠳ᠋ ᠳᠠᠷᠤᠭ᠎ᠠ ᠵᠠᠩ ᠶᠦᠩ ᡁᠢ᠂ ᠵᠧᠦ ᠵᠢᠩ ᠷᠠᠨ ᠣᠷᠣᠯᠴᠠᠪᠠ᠃      ᠲᠣᠰ ᠡᠳᠦᠷ᠂ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠬᠤᠷᠠᠯᠳᠤᠭᠤᠯᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号